ᠦᠢᠯᠡᠴᠢᠯᠡᠭᠡ   -   ᠤᠬᠠᠭᠤᠯᠭ᠎ᠠ
ᠦᠬᠠᠶ ᠬᠣᠲᠠ ᠵᠢᠨ ᠬᠠᠶ᠋ᠢᠨᠠᠨ ᠲᠤᠭᠤᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠴᠠᠭᠳᠠᠭ᠋ᠠᠨ ᠶᠠᠪᠤᠳᠠᠯ᠎ᠤᠨ ᠲᠤᠰᠠᠯᠠᠬᠤ ᠶᠡᠬᠡ ᠠᠩᠭᠢ ᠵᠢᠨ᠎ᠬᠢᠨ ᠰᠦᠯᠵᠢᠶᠡᠨ ᠳᠡᠭᠡᠷᠡᠬᠢ ᠴᠤᠤᠷᠬᠠᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠶ ᠥᠷᠨᠢᠭᠦᠯᠪᠡ
ᠨᠡᠶ᠋ᠢᠲᠡᠯᠡᠭᠰᠡᠨ ᠴᠠᠭ᠄ 2024-10-29

      ᠪᠦᠬᠦ ᠠᠷᠠᠳ᠎ᠤᠨ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ᠎ᠢ ᠴᠢᠨᠠᠭᠰᠢᠳᠠ ᠴᠢᠩᠭ᠋ᠠᠳᠬᠠᠵᠤ᠂ ᠰᠦᠯᠵᠢᠶᠡᠨ᠎ᠤ ᠣᠷᠴᠢᠨ ᠲᠣᠭᠣᠷᠢᠨ᠎ᠢ ᠪᠦᠲᠦᠮᠵᠢᠲᠡᠢ ᠴᠡᠪᠡᠷᠰᠢᠭᠦᠯᠵᠦ᠂ ᠰᠦᠯᠵᠢᠶᠡᠨ᠎ᠤ ᠴᠤᠤᠷᠬᠠᠯ᠎ᠳᠤ ᠬᠠᠤᠯᠢ ᠶᠣᠰᠣᠭ᠋ᠠᠷ ᠴᠣᠬᠢᠯᠲᠠ ᠥᠭᠴᠦ ᠴᠡᠭᠴᠡᠯᠡᠨ ᠵᠠᠰᠠᠬᠤ ᠵᠢᠨ ᠲᠥᠯᠥᠭᠡ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠠᠶ᠋ᠢᠨᠠᠨ ᠲᠤᠭᠤᠷᠢᠭ᠎ᠤᠨ ᠬᠤᠪᠢᠶᠠᠷᠢ ᠲᠣᠪᠴᠢᠶ᠎ᠠ ᠵᠢᠨ ᠴᠠᠭᠳᠠᠭ᠋ᠠᠨ ᠶᠠᠪᠤᠳᠠᠯ᠎ᠤᠨ ᠲᠤᠰᠠᠯᠠᠬᠤ ᠶᠡᠬᠡ ᠠᠩᠭᠢ ᠵᠢᠨ᠎ᠬᠢᠨ ᠴᠣᠬᠢᠯᠲᠠ ᠥᠭᠴᠦ ᠴᠡᠭᠴᠡᠯᠡᠨ ᠵᠠᠰᠠᠬᠤ ᠪᠠ ᠰᠡᠷᠡᠮᠵᠢᠯᠡᠭᠦᠯᠬᠦ ᠤᠬᠠᠭᠤᠯᠭ᠎ᠠ ᠬᠥᠮᠦᠵᠢᠯ ᠬᠢᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠰᠦᠯᠵᠢᠶᠡᠨ᠎ᠤ ᠴᠤᠤᠷᠬᠠᠯ᠎ᠳᠤ ᠴᠢᠩᠭ᠎ᠠ ᠴᠣᠬᠢᠯᠲᠠ ᠥᠭᠴᠦ ᠴᠢᠩᠭ᠎ᠠ ᠳᠠᠷᠤᠯᠲᠠ ᠦᠵᠡᠭᠦᠯᠬᠦ ᠪᠠᠶ᠋ᠢᠳᠠᠯ᠎ᠢ ᠢᠮᠠᠭᠲᠠ ᠪᠠᠲᠤᠯᠠᠪᠠ᠃

1.jpg


      ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠣᠯᠠᠨ ᠲᠦᠮᠡᠨ᠎ᠳᠤ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠵᠤ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠨ᠂ ᠰᠦᠯᠵᠢᠶᠡᠨ ᠳᠡᠭᠡᠷᠡᠬᠢ ᠴᠤᠤᠷᠬᠠᠯ᠎ᠤᠨ ᠢᠯᠡᠷᠡᠬᠦ ᠬᠡᠯᠪᠡᠷᠢ᠂ ᠲᠥᠷᠥᠯ ᠢᠯᠭ᠋ᠠᠯ᠎ᠢ ᠲᠠᠶ᠋ᠢᠯᠪᠤᠷᠢᠯᠠᠵᠤ᠂ ᠰᠦᠯᠵᠢᠶᠡᠨ ᠳᠡᠭᠡᠷᠡᠬᠢ ᠴᠤᠤᠷᠬᠠᠯ᠎ᠢ ᠢᠯᠭ᠋ᠠᠨ ᠳᠣᠲᠣᠯᠠᠬᠤ ᠠᠷᠭ᠎ᠠ᠂ 《ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ》᠎ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠣᠯᠪᠣᠭᠳᠠᠭᠰᠠᠨ ᠲᠠᠯᠠᠪᠤᠷ ᠭᠠᠵᠠᠷ᠎ᠤᠨ ᠡᠵᠡᠩᠨᠡᠭᠴᠢ᠂ ᠰᠦᠯᠵᠢᠶᠡᠨ᠎ᠤ ᠠᠵᠢᠯᠲᠠᠨ ᠵᠢᠴᠢ ᠣᠯᠠᠨ ᠲᠦᠮᠡᠨ᠎ᠳᠤ ᠰᠦᠯᠵᠢᠶᠡᠨ ᠳᠡᠭᠡᠷᠡᠬᠢ ᠴᠤᠤᠷᠬᠠᠯ᠎ᠢ ᠵᠣᠬᠢᠶᠠᠵᠤ ᠲᠠᠷᠬᠠᠭ᠋ᠠᠬᠤ᠎ᠳᠤ ᠡᠭᠦᠷᠭᠡᠯᠡᠬᠦ ᠬᠠᠤᠯᠢ ᠵᠢᠨ ᠬᠠᠷᠢᠭᠤᠴᠠᠯᠭ᠎ᠠ ᠵᠢᠴᠢ ᠨᠡᠶ᠋ᠢᠭᠡᠮ᠎ᠳᠤ ᠤᠴᠠᠷᠠᠭᠤᠯᠵᠤ ᠮᠡᠳᠡᠬᠦ ᠬᠣᠣᠷ ᠬᠥᠨᠥᠭᠡᠯ᠎ᠢ ᠲᠠᠶ᠋ᠢᠯᠪᠤᠷᠢᠯᠠᠨ ᠥᠭᠴᠦ᠂ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠵᠢ ᠠᠩᠬᠠᠷᠴᠤ᠂ ᠪᠣᠯᠪᠠᠰᠤᠨ ᠵᠶ᠋ᠠᠷ ᠰᠦᠯᠵᠢᠶᠡᠨ᠎ᠳᠤ ᠭᠠᠷᠴᠤ᠂ ᠵᠣᠬᠢᠰᠲᠠᠢ ᠶᠠᠷᠢᠶ᠎ᠠ ᠬᠡᠯᠡᠯᠴᠡᠭᠡ᠎ᠲᠠᠢ ᠪᠠᠢ᠌ᠬᠤ ᠵᠢ ᠠᠷᠠᠳ᠎ᠤᠨ ᠴᠠᠭᠳᠠᠭ᠎ᠠ᠎ᠠᠴᠠ ᠣᠯᠠᠨ᠎ᠳᠤ ᠰᠠᠨᠠᠭᠤᠯᠵᠤ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠲᠣᠬᠢᠶᠠᠯᠳᠤᠪᠠᠯ᠂ ᠲᠡᠷᠡ ᠳᠠᠷᠤᠶ᠎ᠳᠤ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠢᠯᠡᠴᠢᠯᠡᠨ ᠮᠡᠳᠡᠭᠦᠯᠬᠦ ᠬᠡᠷᠡᠭᠲᠡᠶ ᠭᠡᠪᠡ᠃

微信图片_20240912154112.jpg


      ᠳᠠᠷᠠᠭ᠋ᠠᠴᠢ ᠵᠢᠨ ᠠᠯᠬᠤᠮ᠎ᠳᠤ᠂ ᠬᠠᠶ᠋ᠢᠨᠠᠨ ᠲᠤᠭᠤᠷᠢᠭ᠎ᠤᠨ ᠬᠤᠪᠢᠶᠠᠷᠢ ᠲᠣᠪᠴᠢᠶ᠎ᠠ ᠴᠣᠬᠢᠯᠲᠠ ᠥᠭᠬᠦ ᠪᠠ ᠤᠬᠠᠭᠤᠯᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠤᠯᠠᠨ ᠲᠦᠮᠡᠨ᠎ᠢ ᠬᠦᠳᠦᠯᠦᠨ ᠵᠢᠯᠣᠭᠣᠳᠴᠤ ᠪᠠᠶ᠋ᠢᠭ᠋ᠠᠳ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ᠎ᠢ᠎ᠨᠢ ᠴᠢᠩᠭ᠋ᠠᠳᠬᠠᠵᠤ᠂ ᠰᠦᠯᠵᠢᠶᠡᠨ᠎ᠤ ᠴᠤᠤᠷᠬᠠᠯ᠎ᠢ ᠤᠬᠠᠮᠰᠠᠷ᠎ᠠᠴᠠ᠎ᠪᠠᠨ ᠡᠰᠡᠷᠭᠦᠴᠡᠨ ᠬᠤᠷᠢᠭᠯᠠᠨ᠂ ᠰᠦᠯᠵᠢᠶᠡᠨ᠎ᠤ ᠬᠦᠴᠦᠷᠬᠡᠭᠯᠡᠯ᠎ᠢ ᠲᠡᠪᠴᠢᠵᠦ᠂ ᠤᠯᠠᠨ ᠲᠦᠮᠡᠨ ᠭᠠᠷ ᠬᠣᠯᠪᠣᠨ ᠬᠠᠮᠲᠤᠪᠠᠷ ᠠᠮᠤᠷ ᠲᠦᠪᠰᠢᠨ᠂ ᠡᠶ᠎ᠡ ᠵᠣᠬᠢᠴᠠᠩᠭᠤᠢ᠂ ᠲᠣᠭᠲᠠᠭᠤᠨ᠂ ᠴᠡᠪᠡᠷ ᠠᠷᠢᠭᠤᠨ ᠰᠦᠯᠵᠢᠶᠡᠨ᠎ᠤ ᠭᠡᠷ ᠣᠷᠣᠨ᠎ᠢ ᠪᠦᠳᠦᠭᠡᠨ ᠪᠠᠶ᠋ᠢᠭᠤᠯᠤᠨ᠎ᠠ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ