ᠦᠢᠯᠡᠴᠢᠯᠡᠭᠡ   -   ᠤᠬᠠᠭᠤᠯᠭ᠎ᠠ
ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠮᠠᠯᠵᠢᠬᠤ ᠣᠷᠣᠨ᠎ᠳᠤ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-12

      ᠣᠶ᠋ᠢᠷ᠎ᠠ᠎ᠳᠤ᠂ ᠰᠢᠯᠢ ᠵᠢᠨ ᠭᠣᠣᠯ ᠠᠶ᠋ᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠮᠠᠯᠵᠢᠬᠤ ᠣᠷᠣᠨ᠎ᠳᠤ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠣᠳᠣᠬᠠᠨ᠎ᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠤᠨ ᠡᠭᠦᠰᠦᠭᠰᠡᠨ ᠪᠠᠶ᠋ᠢᠳᠠᠯ ᠪᠠ ᠣᠶ᠋ᠢᠷ᠎ᠠ ᠵᠢᠨ ᠬᠤᠭᠤᠴᠠᠭ᠋ᠠᠨ᠎ᠤ ᠬᠡᠳᠦᠨ ᠵᠦᠢ᠍ᠯ᠎ᠤᠨ ᠦᠷᠭᠦᠯᠵᠢ ᠲᠣᠬᠢᠶᠠᠯᠳᠤᠳᠠᠭ ᠮᠡᠬᠡᠯᠡᠯ᠎ᠤᠨ ᠬᠡᠯᠪᠡᠷᠢ᠎ᠲᠠᠢ ᠤᠶᠠᠯᠳᠤᠭᠤᠯᠤᠨ᠂ ᠠᠷᠠᠳ᠎ᠤᠨ ᠴᠠᠭᠳᠠᠭ᠎ᠠ ᠬᠡᠷᠡᠭ ᠵᠶ᠋ᠠᠷ ᠬᠠᠤᠯᠢ ᠴᠠᠭ᠋ᠠᠵᠠ ᠵᠢ ᠲᠠᠢ᠌ᠯᠪᠤᠷᠢᠯᠠᠬᠤ᠂ ᠬᠡᠷᠡᠭ᠎ᠤᠨ ᠵᠢᠱ᠌ᠢᠶ᠎ᠡ᠎ᠪᠠᠷ ᠳᠠᠮᠵᠢᠨ ᠮᠠᠯᠴᠢᠳ᠎ᠲᠠᠢ ᠨᠢᠭᠤᠷᠲᠠᠨ ᠶᠠᠷᠢᠯᠴᠠᠵᠤ᠂ ᠡᠯ᠎ᠡ ᠲᠥᠷᠥᠯ᠎ᠤᠨ ᠮᠡᠬᠡᠯᠡᠯ᠎ᠢ ᠰᠡᠷᠭᠡᠶ᠋ᠢᠯᠡᠬᠦ ᠠᠰᠠᠭᠤᠳᠠᠯ᠎ᠳᠤ ᠨᠢᠭᠡᠳ ᠨᠢᠭᠡ᠎ᠪᠠᠷ ᠬᠠᠷᠢᠭᠤᠯᠲᠠ ᠥᠭᠬᠦ ᠵᠢᠨ ᠬᠠᠮᠲᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠣᠤᠷ ᠬᠥᠨᠥᠭᠡᠯ᠂ ᠲᠥᠷᠥᠯ ᠬᠡᠯᠪᠡᠷᠢ ᠵᠢᠴᠢ ᠰᠡᠷᠭᠡᠶ᠋ᠢᠯᠡᠬᠦ ᠠᠷᠭ᠎ᠠ ᠵᠢ ᠨᠠᠷᠢᠨ ᠬᠢᠨᠠᠮᠠᠭ᠋ᠠᠶ ᠲᠠᠶ᠋ᠢᠯᠪᠤᠷᠢᠯᠠᠵᠠᠶ᠃ ᠬᠠᠷᠢᠶᠠᠲᠤ ᠣᠷᠣᠨ᠎ᠤ ᠮᠠᠯᠴᠢᠳ ᠲᠤᠬᠠᠶ ᠵᠢᠨ ᠲᠠᠯᠠᠪᠤᠷ᠎ᠲᠤ ᠲᠠᠶ᠋ᠢᠯᠤᠮᠵᠢ ᠵᠢ ᠰᠣᠨᠣᠰᠬᠤ᠂ 《ᠤᠯᠤᠰ᠎ᠤᠨ ᠮᠡᠬᠡᠯᠡᠯ᠎ᠢ ᠡᠰᠡᠷᠭᠦᠴᠡᠬᠦ ᠲᠥᠪ》᠎ᠤᠨ APP ᠤᠭᠰᠠᠷᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠪᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ