ᠣᠶ᠋ᠢᠷ᠎ᠠ᠎ᠳᠤ᠂ ᠲᠦᠩᠯᠢᠶᠣᠤ ᠬᠣᠲᠠ ᠵᠢᠨ ᠺᠠᠶ᠋ᠢᠯᠦ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠴᠠᠭᠳᠠᠭ᠋ᠠᠨ᠎ᠤ ᠬᠦᠴᠦᠨ ᠵᠶ᠋ᠠᠨ ᠵᠣᠬᠢᠶᠠᠨ ᠪᠠᠶ᠋ᠢᠭᠤᠯᠵᠤ ᠬᠥᠳᠡᠭᠡ ᠲᠣᠰᠬᠣᠨ᠎ᠳᠤ ᠭᠦᠨᠵᠡᠭᠡᠶ᠋ᠢᠷᠡᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠨᠡᠶ᠋ᠢᠲᠡᠯᠢᠭ ᠡᠨᠳᠡᠯ᠎ᠳᠤ ᠵᠠᠳᠠᠯᠤᠯᠲᠠ ᠬᠢᠬᠦ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠴᠠᠬᠢᠯᠭ᠋ᠠᠨ ᠬᠥᠳᠡᠯᠭᠡᠭᠦᠷᠲᠦ ᠲᠡᠷᠭᠡ ᠪᠣᠯᠤᠨ ᠮᠣᠲ᠋ᠣᠷ ᠲᠡᠷᠭᠡ ᠤᠨᠤᠬᠤ᠎ᠳᠤ ᠠᠮᠤᠷ ᠲᠦᠪᠰᠢᠨ᠎ᠤ ᠳᠤᠭᠤᠯᠠᠭ᠎ᠠ ᠵᠡᠭᠦᠬᠦ ᠥᠬᠡᠶ᠂ ᠲᠠᠷᠢᠶᠠᠯᠠᠩ᠎ᠳᠤ ᠬᠡᠷᠡᠭᠯᠡᠬᠦ ᠲᠡᠷᠭᠡ ᠵᠢᠨ ᠬᠠᠤᠯᠢ ᠵᠢ ᠵᠥᠷᠢᠴᠡᠨ ᠬᠥᠮᠦᠨ ᠰᠠᠭᠤᠯᠭ᠋ᠠᠬᠤ᠂ ᠠᠷᠢᠬᠢ ᠤᠤᠭᠤᠵᠤ ᠰᠣᠭᠲᠣᠭᠤ᠎ᠪᠠᠷ ᠲᠡᠷᠭᠡ ᠵᠢᠯᠣᠭᠣᠳᠬᠤ᠂ ᠫᠠᠶ᠋ᠢᠰᠠ ᠦᠨᠡᠮᠯᠡᠯ᠎ᠳᠤ ᠬᠣᠯᠪᠣᠭᠳᠠᠬᠤ᠂ ᠰᠠᠭᠤᠬᠤ ᠬᠥᠮᠦᠨ᠎ᠤ ᠲᠣᠭ᠎ᠠ ᠪᠠ ᠬᠤᠷᠳᠤᠴᠠ᠎ᠪᠠᠨ ᠬᠡᠲᠦᠷᠡᠭᠦᠯᠦᠨ ᠲᠡᠷᠭᠡ ᠵᠢᠯᠤᠭᠤᠳᠤᠭᠰᠠᠨ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠬᠦᠨᠳᠦ ᠨᠣᠴᠢᠲᠠᠶ ᠦᠢ᠍ᠯᠡ ᠠᠵᠢᠯᠯᠠᠭ᠎ᠠ ᠵᠢᠨ ᠬᠣᠤᠷ ᠬᠥᠨᠥᠭᠡᠯ᠎ᠢ ᠲᠠᠶ᠋ᠢᠯᠪᠤᠷᠢᠯᠠᠨ ᠥᠭᠴᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢ ᠲᠦᠭᠡᠮᠡᠯᠵᠢᠭᠦᠯᠦᠨ᠂ ᠣᠯᠠᠨ ᠲᠦᠮᠡᠨ᠎ᠤ ᠵᠠᠮ ᠬᠠᠷᠢᠯᠴᠠᠭ᠋ᠠᠨ᠎ᠤ ᠮᠠᠭᠤ ᠳᠠᠳᠬᠠᠯ᠎ᠢ ᠤᠬᠠᠮᠰᠠᠷ᠎ᠠᠴᠠ᠎ᠪᠠᠨ ᠲᠠᠶᠠᠭᠳᠠᠬᠤ᠂ ᠵᠠᠮ ᠬᠠᠷᠢᠯᠴᠠᠭ᠋ᠠᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠬᠤ᠂ ᠠᠮᠤᠷ ᠲᠦᠪᠰᠢᠨ ᠪᠣᠯᠪᠠᠰᠤᠨ ᠵᠶ᠋ᠠᠷ ᠠᠶᠠᠯᠠᠬᠤ ᠵᠢ ᠪᠡᠶᠡᠯᠡᠭᠦᠯᠬᠦ ᠵᠢ ᠬᠥᠲᠥᠯᠦᠨ ᠵᠢᠯᠣᠭᠣᠳᠪᠠ᠃