ᠦᠢᠯᠡᠴᠢᠯᠡᠭᠡ   -   ᠤᠬᠠᠭᠤᠯᠭ᠎ᠠ
ᠬᠥᠯᠥᠨ ᠪᠦᠢ᠍ᠷ ᠬᠣᠲᠠ ᠵᠢᠨ ᠳᠤᠲᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠮᠢ ᠠᠬᠤᠢ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-19

      ᠣᠢ᠌ᠷ᠎ᠠ᠎ᠳᠤ᠂ ᠬᠥᠯᠥᠨ ᠪᠦᠢ᠍ᠷ ᠬᠣᠲᠠ ᠵᠢᠨ ᠥᠨᠢᠷ ᠣᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠠᠩᠨᠠᠨ  ᠪᠠᠢ᠌ᠴᠠᠭ᠋ᠠᠬᠤ ᠶᠡᠬᠡ ᠠᠩᠭᠢ ᠠᠮᠢ ᠠᠬᠤᠢ ᠣᠷᠴᠢᠨ ᠲᠣᠭᠣᠷᠢᠨ ᠢᠳᠡᠭᠡᠨ ᠪᠠ ᠡᠮ᠎ᠤᠨ ᠵᠦᠢ᠍ᠯ᠎ᠤᠨ ᠬᠦᠷᠢᠶᠡᠨ᠎ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ᠃
      ᠠᠷᠠᠳ᠎ᠤᠨ ᠴᠠᠭᠳᠠᠭ᠎ᠠ ᠬᠠᠷᠢᠶ᠎ᠠ ᠣᠷᠣᠨ᠎ᠤ᠎ᠪᠠᠨ ᠢᠳᠡᠭᠡᠨ ᠡᠮ᠎ᠤᠨ ᠵᠦᠢ᠍ᠯ᠎ᠤᠨ ᠡᠵᠡᠩᠨᠡᠯᠲᠡ ᠵᠢᠨ ᠭᠠᠵᠠᠷ᠎ᠲᠤ ᠭᠦᠨᠵᠡᠭᠡᠢ᠌ᠷᠡᠨ᠂ ᠪᠣᠷᠣᠯᠠᠭᠤᠯᠬᠤ ᠪᠠᠷᠠᠭ᠎ᠠ ᠵᠢᠨ ᠢᠷᠡᠯᠲᠡ᠂ ᠪᠠᠷᠠᠭ᠎ᠠ ᠣᠷᠣᠭᠤᠯᠬᠤ ᠠᠷᠭ᠎ᠠ ᠵᠠᠮ᠂ ᠢᠳᠡᠭᠡᠨ ᠪᠠ ᠡᠮ᠎ᠤᠨ ᠵᠦᠢ᠍ᠯ᠎ᠤᠨ ᠦᠢ᠍ᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠴᠢᠨᠠᠷ᠎ᠢ ᠪᠠᠲᠤᠯᠠᠬᠤ ᠬᠤᠭᠤᠴᠠᠭ᠎ᠠ ᠵᠢ ᠭᠤᠤᠯᠳᠠᠯᠭ᠎ᠠ᠎ᠲᠠᠢ ᠪᠠᠢ᠌ᠴᠠᠭ᠋ᠠᠨ ᠦᠵᠡᠵᠦ᠂ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ ᠵᠢᠴᠢ ᠠᠵᠢᠯᠯᠠᠵᠤ ᠪᠠᠶ᠋ᠢᠭ᠎ᠠ ᠬᠥᠮᠦᠰ᠎ᠤᠨ ᠡᠷᠡᠭᠦᠯ ᠮᠡᠨᠳᠦ ᠵᠢᠨ ᠦᠨᠡᠮᠯᠡᠯ ᠵᠡᠷᠭᠡ ᠵᠢ ᠪᠠᠶ᠋ᠢᠴᠠᠭ᠋ᠠᠬᠤ ᠵᠢᠨ ᠬᠠᠮᠲᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠤᠯᠪᠣᠭᠳᠠᠯ ᠪᠦᠬᠦᠢ ᠬᠠᠤᠯᠢ ᠴᠠᠭ᠋ᠠᠵᠠ ᠵᠢᠨ ᠮᠡᠳᠡᠯᠭᠡ ᠵᠢ ᠲᠠᠶ᠋ᠢᠯᠪᠤᠷᠢᠯᠠᠵᠤ᠂ ᠬᠤᠳᠠᠯᠳᠤᠭ᠋ᠠᠴᠢᠳ᠎ᠢ ᠰᠢᠪᠠᠳᠠᠵᠤ ᠪᠠᠶ᠋ᠢᠭ᠋ᠠᠳ ᠢᠳᠡᠭᠡᠨ᠎ᠤ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠭᠦᠯᠦᠨ᠂ ᠢᠳᠡᠭᠡᠨ᠎ᠤ ᠢᠷᠡᠯᠲᠡ ᠵᠢ ᠴᠢᠩᠭ᠎ᠠ ᠡᠵᠡᠮᠳᠡᠵᠦ᠂ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠢ᠍ᠯᠡᠳᠬᠦ ᠵᠢ ᠴᠢᠩᠭ᠎ᠠ ᠰᠡᠷᠭᠡᠶ᠋ᠢᠯᠡᠨ᠂ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠢ᠍ᠯᠡᠳᠦᠨ ᠪᠣᠷᠣᠯᠠᠭᠤᠯᠬᠤ ᠵᠢ ᠴᠢᠩᠭ᠎ᠠ ᠴᠠᠭ᠋ᠠᠵᠠᠯᠠᠪᠠ᠃ ᠤᠬᠠᠭᠤᠯᠭ᠎ᠠ ᠵᠢᠨ ᠬᠤᠭᠤᠴᠠᠭ᠋ᠠᠨ᠎ᠳᠤ᠂ ᠠᠷᠠᠳ᠎ᠤᠨ ᠴᠠᠭᠳᠠᠭ᠎ᠠ ᠣᠯᠠᠨ ᠲᠦᠮᠡᠨ᠎ᠳᠤ ᠢᠳᠡᠭᠡᠨ᠎ᠤ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠦᠭᠡᠮᠡᠯᠵᠢᠭᠦᠯᠬᠦ ᠵᠢᠨ ᠬᠠᠮᠲᠤ ᠣᠯᠠᠨ ᠲᠦᠮᠡᠨ᠎ᠤ ᠢᠳᠡᠭᠡᠨ ᠪᠠ ᠡᠮ᠎ᠤᠨ ᠵᠦᠢ᠍ᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠢᠳᠡᠪᠬᠢᠲᠡᠶ ᠢᠯᠡᠴᠢᠯᠡᠨ ᠮᠡᠳᠡᠭᠦᠯᠬᠦ ᠵᠢ  ᠵᠣᠷᠢᠭᠵᠢᠭᠤᠯᠪᠠ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ