ᠦᠢᠯᠡᠴᠢᠯᠡᠭᠡ   -   ᠤᠬᠠᠭᠤᠯᠭ᠎ᠠ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 2024 ᠣᠨ᠎ᠤ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-12-25

      12 ᠰᠠᠷ᠎ᠠ ᠵᠢᠨ 3᠎ᠤ ᠦᠳᠡ ᠵᠢᠨ ᠡᠮᠦᠨ᠎ᠡ᠂ ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 《ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠳᠥᠯᠭᠢᠨ ᠠᠬᠢᠭᠤᠯᠬᠤ》᠎ᠪᠠᠷ ᠭᠣᠤᠯ ᠰᠡᠳᠦᠪ ᠪᠣᠯᠭ᠋ᠠᠭᠰᠠᠨ ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠤᠨ ᠲᠠᠩᠭ᠋ᠠᠷᠢᠭᠯᠠᠬᠤ ᠶᠣᠰᠣᠯᠠᠯ ᠶᠠᠪᠤᠭᠤᠯᠪᠠ᠃ ᠲᠠᠩᠭ᠋ᠠᠷᠢᠭᠯᠠᠭᠴᠢ ᠵᠡᠭᠦᠨ ᠭᠠᠷ ᠵᠶ᠋ᠠᠨ ᠦᠨᠳᠦᠰᠦᠨ ᠬᠠᠤᠯᠢ ᠵᠢᠨ ᠨᠣᠮ ᠳᠡᠭᠡᠷ᠎ᠡ ᠲᠠᠯᠪᠢᠵᠤ᠂ ᠪᠠᠷᠠᠭᠤᠨ ᠭᠠᠷ᠎ᠤᠨ ᠨᠢᠳᠤᠷᠭ᠎ᠠ᠎ᠪᠠᠨ ᠥᠨᠳᠥᠷ ᠡᠷᠭᠦᠵᠦ᠂ ᠡᠷᠡᠰ ᠴᠢᠩᠭ᠎ᠠ ᠢᠳᠡ ᠬᠦᠴᠦᠲᠡᠢ ᠲᠠᠩᠭ᠋ᠠᠷᠢᠭᠯᠠᠵᠤ᠂ ᠦᠬᠠᠢ ᠵᠢᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠡᠷᠬᠢᠮ ᠳᠡᠭᠡᠳᠦ ᠬᠠᠤᠯᠢᠵᠢᠯ᠎ᠤᠨ ᠢᠲᠡᠭᠡᠯ ᠪᠢᠰᠢᠷᠡᠯ ᠪᠣᠯᠤᠨ ᠦᠨᠳᠦᠰᠦᠨ ᠬᠠᠤᠯᠢ ᠵᠢᠨ ᠡᠷᠬᠡ ᠰᠦᠷ᠎ᠢ ᠬᠠᠮᠠᠭ᠋ᠠᠯᠠᠬᠤ ᠡᠷᠡᠰ ᠪᠠᠲᠤ ᠵᠣᠷᠢᠭ᠎ᠢ ᠢᠯᠡᠷᠡᠭᠦᠯᠪᠡ᠃

微信图片_20241203183219.jpg


      ᠶᠣᠰᠣᠯᠠᠯ᠎ᠳᠤ᠂ ᠪᠦᠬᠦ ᠴᠠᠭᠳᠠᠭ᠎ᠠ ᠨᠠᠷ ᠦᠨᠳᠦᠰᠦᠨ ᠬᠠᠤᠯᠢ ᠵᠢᠨ ᠪᠠᠲᠤ ᠬᠠᠮᠠᠭ᠋ᠠᠯᠠᠭᠴᠢ ᠪᠣᠯᠵᠤ᠂ 《ᠳᠣᠲᠣᠭ᠋ᠠᠳᠤ ᠵᠢ ᠬᠠᠮᠠᠭ᠋ᠠᠯᠠᠬᠤ᠎ᠨᠢ ᠨᠠᠮ᠎ᠤᠨ᠎ᠬᠢ》 ᠦᠨᠳᠦᠰᠦᠨ ᠤᠯᠤᠰ ᠲᠦᠷᠦ ᠵᠢᠨ ᠰᠢᠨᠵᠢ ᠴᠢᠨᠠᠷ᠎ᠢ ᠪᠠᠲᠤ ᠡᠵᠡᠮᠳᠡᠵᠦ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠴᠠᠭᠳᠠᠭ᠎ᠠ ᠨᠠᠷ ᠦᠨᠳᠦᠰᠦᠨ ᠬᠠᠤᠯᠢ ᠵᠢ ᠦᠨᠡᠨᠴᠢ ᠰᠢᠳᠤᠷᠭᠤ᠎ᠪᠠᠷ ᠦᠢ᠍ᠯᠡᠳᠦᠯᠭᠡᠵᠢᠭᠦᠯᠦᠭᠴᠢ ᠪᠤᠯᠵᠤ᠂ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠭᠠᠷᠳᠠᠴᠠ ᠪᠣᠯᠭ᠋ᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠪᠦᠬᠦ ᠶᠠᠪᠤᠴᠠ ᠪᠦᠬᠦ ᠡᠯᠧᠮᠧᠨ᠋ᠲ ᠪᠦᠬᠦ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠠᠷᠠᠳ ᠤᠯᠠᠨ᠎ᠳᠤ ᠬᠡᠷᠡᠭ ᠰᠢᠢ᠍ᠳᠪᠦᠷᠢᠯᠡᠬᠦ ᠶᠠᠪᠤᠴᠠ᠎ᠳᠤ ᠲᠥᠪ ᠭᠣᠣᠯᠴᠢ ᠰᠢᠳᠤᠷᠭᠤ ᠶᠣᠰᠣ ᠵᠢ ᠦᠨᠡᠨ ᠬᠦ᠌ ᠮᠡᠳᠡᠷᠡᠭᠦᠯᠬᠦ ᠬᠡᠷᠡᠭᠲᠡᠢ᠃ ᠪᠦᠬᠦ ᠴᠠᠭᠳᠠᠭ᠎ᠠ ᠨᠠᠷ ᠦᠨᠳᠦᠰᠦᠨ ᠬᠠᠤᠯᠢ ᠵᠢ ᠤᠬᠠᠮᠰᠠᠷ᠎ᠠᠴᠠ᠎ᠪᠠᠨ ᠬᠦᠨᠳᠦᠳᠬᠡᠨ ᠪᠢᠰᠢᠷᠡᠭᠴᠢ ᠪᠣᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠣᠯ ᠨᠠᠮ᠎ᠤᠨ ᠤᠳᠤᠷᠢᠳᠤᠯᠭ᠎ᠠ ᠳᠣᠣᠷᠠᠬᠢ ᠤᠯᠤᠰ᠎ᠤᠨ ᠴᠢᠬᠤᠯᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠬᠦᠴᠦᠨ ᠮᠥᠨ᠂ ᠬᠠᠮᠤᠭ᠎ᠤᠨ ᠴᠢᠬᠤᠯᠠ ᠠᠵᠢᠯ ᠪᠣᠯ ᠬᠠᠤᠯᠢ ᠬᠡᠷᠡᠭᠵᠢᠭᠦᠯᠬᠦ ᠠᠵᠢᠯ ᠮᠥᠨ᠂ ᠡᠷᠬᠡᠪᠰᠢ ᠦᠨᠳᠦᠰᠦᠨ ᠬᠠᠤᠯᠢ ᠵᠢᠨ ᠪᠠᠲᠤ ᠪᠡᠬᠢ ᠤᠬᠠᠮᠰᠠᠷ᠎ᠢ ᠪᠤᠢ ᠪᠣᠯᠭ᠋ᠠᠵᠤ᠂ ᠦᠨᠳᠦᠰᠦᠨ ᠬᠠᠤᠯᠢ ᠵᠢᠨ ᠪᠠᠶ᠋ᠢᠷᠢ ᠰᠠᠭᠤᠷᠢ ᠵᠢ ᠬᠦᠨᠳᠦᠳᠬᠡᠬᠦ ᠬᠡᠷᠡᠭᠲᠡᠢ᠃ ᠪᠦᠬᠦ ᠴᠠᠭᠳᠠᠭ᠎ᠠ ᠨᠠᠷ ᠲᠦᠷᠦᠭᠦᠯᠡᠨ ᠬᠠᠤᠯᠢ ᠵᠢ ᠬᠦᠨᠳᠦᠳᠬᠡᠨ ᠬᠠᠤᠯᠢ ᠵᠢ ᠰᠤᠷᠤᠯᠴᠠᠵᠤ ᠬᠠᠤᠯᠢ ᠵᠢ ᠰᠠᠬᠢᠨ ᠬᠠᠤᠯᠢ ᠵᠢ ᠬᠡᠷᠡᠭᠯᠡᠵᠦ᠂ ᠬᠠᠤᠯᠢ᠎ᠪᠠᠷ ᠵᠠᠰᠠᠬᠤ ᠵᠠᠮ ᠵᠶ᠋ᠠᠷ ᠠᠰᠠᠭᠤᠳᠠᠯ᠎ᠢ ᠪᠣᠳᠣᠯᠬᠢᠯᠠᠬᠤ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠂ ᠤᠴᠢᠷ ᠶᠠᠪᠤᠳᠠᠯ ᠰᠢᠢ᠍ᠳᠪᠦᠷᠢᠯᠡᠬᠦ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭᠯᠡᠨ ᠲᠣᠭᠲᠠᠭᠤᠨ᠎ᠢ ᠬᠠᠮᠠᠭ᠋ᠠᠯᠠᠬᠤ᠂ ᠵᠥᠷᠢᠴᠡᠯ᠎ᠢ ᠠᠷᠢᠯᠭ᠋ᠠᠬᠤ᠂ ᠬᠥᠭᠵᠢᠯᠲᠡ ᠵᠢ ᠠᠬᠢᠭᠤᠯᠬᠤ ᠴᠢᠳᠠᠪᠤᠷᠢ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

微信图片_20241203174047.jpg


微信图片_20241203183344.jpg


      ᠲᠤᠰ ᠡᠳᠦᠷ᠂ ᠦᠬᠠᠢ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠪᠠᠰᠠ ᠬᠠᠤᠯᠢ ᠲᠦᠷᠢᠮ᠎ᠤᠨ ᠰᠠᠯᠪᠤᠷᠢ ᠠᠩᠬᠢ᠎ᠪᠠᠷ ᠲᠦᠷᠦᠭᠦᠯᠡᠭᠦᠯᠦᠨ ᠮᠡᠬᠡᠯᠡᠯ᠎ᠢ ᠡᠰᠡᠷᠭᠦᠴᠡᠬᠦ ᠲᠥᠪ᠂ ᠬᠣᠣᠷ ᠴᠠᠭ᠋ᠠᠵᠠᠯᠠᠬᠤ ᠰᠠᠯᠪᠤᠷᠢ ᠠᠩᠬᠢ᠂ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠎ᠠ ᠵᠢᠨ ᠰᠠᠯᠪᠤᠷᠢ ᠠᠩᠬᠢ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ᠂ ᠪᠦᠬᠦ ᠬᠤᠳᠠ ᠵᠢᠨ ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ᠎ᠳᠤ ᠣᠷᠣᠯᠴᠠᠪᠠ᠃ ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ᠂ ᠠᠰᠠᠭᠤᠨ ᠯᠠᠪᠯᠠᠯᠲᠠ᠎ᠳᠤ  ᠬᠠᠷᠢᠭᠤᠯᠲᠠ ᠥᠭᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠦᠨᠳᠦᠰᠦᠨ ᠬᠠᠤᠯᠢ ᠵᠢᠨ ᠬᠠᠤᠯᠢ ᠴᠠᠭ᠋ᠠᠵᠠ ᠵᠢᠨ ᠪᠠᠶ᠋ᠢᠷᠢ ᠰᠠᠭᠤᠷᠢ ᠵᠢᠴᠢ ᠦᠨᠳᠦᠰᠦᠨ ᠬᠠᠤᠯᠢ᠎ᠠᠴᠠ ᠠᠷᠠᠳ ᠢᠷᠭᠡᠳ᠎ᠲᠤ ᠣᠯᠭᠣᠭᠰᠠᠨ ᠡᠷᠬᠡ ᠪᠠ ᠡᠭᠦᠷᠭᠡ ᠵᠡᠷᠭᠡ ᠠᠭᠤᠯᠭ᠎ᠠ ᠵᠢ ᠲᠠᠶ᠋ᠢᠯᠪᠤᠷᠢᠯᠠᠨ ᠥᠭᠴᠦ᠂ ᠦᠨᠳᠦᠰᠦᠨ ᠬᠠᠤᠯᠢ ᠵᠢ ᠤᠬᠠᠭᠤᠯᠬᠤ ᠵᠢᠨ ᠬᠠᠮᠲᠤ᠂ ᠠᠷᠠᠳ᠎ᠤᠨ ᠴᠠᠭᠳᠠᠭ᠎ᠠ ᠪᠠᠰᠠ ᠣᠯᠠᠨ ᠲᠦᠮᠡᠨ᠎ᠳᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠣᠷ ᠴᠠᠭ᠋ᠠᠵᠠᠯᠠᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ ᠦᠵᠡᠯ᠎ᠢ ᠡᠰᠡᠷᠭᠦᠴᠡᠬᠦ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》 ᠵᠡᠷᠭᠡ ᠲᠤᠰᠬᠠᠶ ᠬᠠᠤᠯᠢ ᠵᠢᠨ ᠠᠭᠤᠯᠭ᠎ᠠ ᠵᠢᠴᠢ ᠬᠣᠯᠪᠣᠭᠳᠠᠯ ᠪᠦᠬᠦᠢ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠵᠡᠶ᠃ ᠡᠭᠦᠨ᠎ᠤ ᠬᠠᠮᠲᠤ ᠤᠯᠠᠨ ᠲᠦᠮᠡᠨ᠎ᠳᠤ ᠡᠷᠬᠡᠪᠰᠢ ᠬᠠᠤᠯᠢ ᠶᠣᠰᠣᠭ᠋ᠠᠷ ᠠᠵᠢᠯᠯᠠᠵᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠵᠢ ᠡᠷᠢᠵᠦ᠂ ᠠᠰᠠᠭᠤᠳᠠᠯ᠎ᠢ ᠰᠢᠢ᠍ᠳᠪᠦᠷᠢᠯᠡᠬᠦ᠎ᠳᠤ ᠬᠠᠤᠯᠢ ᠵᠢ ᠬᠡᠷᠡᠭᠯᠡᠵᠦ᠂ ᠵᠥᠷᠢᠴᠡᠯ᠎ᠢ ᠠᠷᠢᠯᠭ᠋ᠠᠬᠤ᠎ᠳᠤ ᠬᠠᠤᠯᠢ ᠵᠢ ᠲᠦᠰᠢᠭᠯᠡᠵᠦ᠂ ᠬᠠᠤᠯᠢ ᠴᠠᠭ᠋ᠠᠵᠠ ᠵᠢᠨ ᠵᠡᠪᠰᠡᠭ ᠵᠶ᠋ᠠᠷ ᠥᠪᠡᠷ᠎ᠤᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠰᠤᠷᠬᠤ ᠬᠡᠷᠡᠭᠲᠡᠢ ᠭᠡᠵᠦ ᠰᠠᠨᠠᠭᠤᠯᠵᠠᠢ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ