ᠣᠶ᠋ᠢᠷ᠎ᠠ᠎ᠳᠤ᠂ ᠠᠵᠤ ᠠᠬᠤᠶ᠋ᠢᠯᠠᠯ ᠵᠢᠴᠢ ᠠᠵᠢᠯᠲᠠᠨ᠎ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶ᠋ᠢᠭ᠋ᠠᠳ ᠬᠠᠤᠯᠢ᠎ᠪᠠᠷ ᠵᠠᠰᠠᠬᠤ ᠤᠬᠠᠮᠰᠠᠷ᠎ᠢ᠎ᠨᠢ ᠴᠢᠩᠭ᠋ᠠᠳᠬᠠᠬᠤ᠂ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠤᠷᠢᠨ᠎ᠢ ᠰᠢᠯᠢᠳᠡᠭᠵᠢᠭᠦᠯᠬᠦ᠂ ᠠᠵᠤ ᠠᠬᠤᠶ᠋ᠢᠯᠠᠯ᠎ᠤᠨ ᠬᠠᠤᠯᠢ ᠶᠣᠰᠣᠭ᠋ᠠᠷ ᠬᠠᠮᠢᠶᠠᠷᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠭᠡ ᠠᠩᠭᠢ ᠵᠢᠨ ᠠᠷᠠᠳ᠎ᠤᠨ ᠴᠠᠭᠳᠠᠭ᠎ᠠ ᠪᠠᠷᠠᠭᠤᠨ ᠦᠵᠦᠮᠦᠴᠢᠨ ᠬᠤᠰᠢᠭᠤᠨ᠎ᠤ ᠪᠠᠶᠠᠨᠬᠤᠸᠠ ᠪᠠᠯᠭ᠋ᠠᠰᠤᠨ᠎ᠤ ᠳᠥᠷᠪᠡᠳᠦᠭᠡᠷ ᠨᠡᠭᠦᠷᠡᠰᠦᠨ ᠠᠭᠤᠷᠬᠠᠶ ᠵᠢᠨ ᠲᠣᠭᠣᠷᠢᠭ᠎ᠲᠤ᠎ᠳᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠲᠤᠰᠬᠠᠶ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠠᠵᠤ ᠠᠬᠤᠶ᠋ᠢᠯᠠᠯ᠎ᠤᠨ ᠠᠵᠢᠯᠲᠠᠨ᠎ᠳᠤ ᠬᠤᠤᠷ ᠲᠠᠲᠠᠬᠤ ᠵᠢ ᠡᠰᠡᠷᠭᠦᠴᠡᠬᠦ᠂ ᠮᠡᠬᠡᠯᠡᠯ᠎ᠢ ᠡᠰᠡᠷᠭᠦᠴᠡᠬᠦ ᠵᠢᠴᠢ ᠬᠠᠤᠯᠢ ᠪᠤᠰᠤ᠎ᠪᠠᠷ ᠪᠠᠯᠠ ᠴᠤᠭᠯᠠᠭᠤᠯᠬᠤ ᠵᠢ ᠰᠡᠷᠭᠡᠶ᠋ᠢᠯᠡᠬᠦ ᠵᠡᠷᠭᠡ ᠲᠠᠯ᠎ᠠ ᠵᠢᠨ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠵᠢᠴᠢ ᠬᠠᠤᠯᠢ ᠪᠤᠰᠤ᠎ᠪᠠᠷ ᠪᠠᠯᠠ ᠴᠤᠭᠯᠠᠭᠤᠯᠬᠤ ᠵᠢ ᠰᠡᠷᠭᠡᠶ᠋ᠢᠯᠡᠬᠦ ᠵᠡᠷᠭᠡ ᠲᠠᠯ᠎ᠠ ᠵᠢᠨ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠬᠠᠤᠯᠢ ᠵᠢ ᠵᠥᠷᠢᠴᠡᠭᠰᠡᠨ ᠶᠠᠯᠠᠲᠤ ᠡᠲᠡᠭᠡᠳ᠎ᠤᠨ ᠤᠯᠠᠮ ᠮᠡᠷᠭᠡᠰᠢᠭᠰᠡᠨ ᠪᠠ ᠣᠯᠠᠨ ᠠᠷᠪᠢᠨ ᠬᠡᠷᠡᠭ ᠬᠢᠬᠦ ᠠᠷᠭ᠎ᠠ ᠪᠠᠷᠢᠯ᠎ᠢ ᠭᠦᠨᠵᠡᠭᠡᠶ ᠵᠠᠳᠠᠯᠤᠨ ᠰᠢᠨᠵᠢᠯᠡᠵᠦ᠂ ᠠᠵᠢᠯᠲᠠᠳ᠎ᠲᠤ ᠮᠡᠬᠡᠯᠡᠭᠳᠡᠭᠴᠢ ᠵᠢᠨ ᠰᠡᠳᠬᠢᠴᠡ ᠵᠢ ᠳ᠋ᠦᠩᠨᠡᠨ᠂ ᠣᠯᠠᠨ ᠵᠦᠢ᠍ᠯ᠎ᠤᠨ ᠠᠮᠠᠷᠬᠠᠨ ᠮᠡᠬᠡᠯᠡᠭᠳᠡᠬᠦ ᠪᠠᠶ᠋ᠢᠳᠠᠯ᠎ᠢ ᠲᠠᠨᠢᠯᠴᠠᠭᠤᠯᠵᠤ᠂ ᠳᠡᠷᠭᠡᠳᠡᠬᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠠᠵᠢᠯᠲᠠᠨ᠎ᠢ ᠬᠥᠲᠥᠯᠦᠨ ᠵᠢᠯᠣᠭᠤᠳᠴᠤ ᠰᠤᠷᠭ᠋ᠠᠮᠵᠢ ᠠᠪᠤᠭᠤᠯᠵᠤ᠂ ᠡᠳ᠋ ᠬᠥᠷᠥᠩᠭᠡ ᠵᠢᠨ ᠬᠤᠬᠢᠷᠠᠯ᠎ᠠᠴᠠ ᠵᠠᠢ᠌ᠯᠠᠰᠭᠢᠬᠦ ᠬᠡᠷᠡᠭᠲᠡᠢ ᠭᠡᠵᠦ ᠰᠠᠨᠠᠭᠤᠯᠪᠠ᠃ ᠠᠭᠤᠷᠬᠠᠶ ᠵᠢᠨ ᠲᠣᠭᠣᠷᠢᠭ᠎ᠤᠨ ᠰᠣᠶᠣᠯ᠎ᠤᠨ ᠠᠵᠢᠯᠯᠠᠭ᠋ᠠᠨ᠎ᠤ ᠲᠠᠰᠤᠭ᠎ᠤᠨ ᠣᠲᠣ ᠵᠢᠨ ᠪᠠᠶ᠋ᠢᠭ᠎ᠠ ᠨᠥᠬᠦᠴᠡᠯ᠎ᠢ ᠠᠰᠢᠭᠯᠠᠨ᠂ ᠠᠵᠢᠯᠲᠠᠨ᠎ᠢ ᠵᠣᠬᠢᠶᠠᠨ ᠪᠠᠶ᠋ᠢᠭᠤᠯᠤᠨ ᠬᠤᠤᠷ ᠴᠠᠭ᠋ᠠᠵᠠᠯᠠᠬᠤ PPT ᠦᠵᠡᠭᠦᠯᠵᠦ᠂ ᠬᠤᠤᠷ ᠴᠠᠭ᠋ᠠᠵᠠᠯᠠᠬᠤ ᠮᠡᠬᠡᠯᠡᠯ᠎ᠢ ᠰᠡᠷᠭᠡᠶ᠋ᠢᠯᠡᠬᠦ᠂ ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ ᠤᠬᠠᠭᠤᠯᠭ᠎ᠠ᠎ᠳᠤ ᠢᠳᠡᠪᠬᠢᠲᠡᠶ ᠣᠷᠣᠯᠴᠠᠭᠤᠯᠵᠤ᠂ ᠠᠵᠢᠯᠲᠠᠨ ᠠᠵᠢᠯᠴᠢᠨ᠎ᠢ ᠤᠷᠢᠶᠠᠯᠠᠨ ᠬᠤᠤᠷ ᠴᠠᠭ᠋ᠠᠵᠠᠯᠠᠬᠤ ᠮᠡᠬᠡᠯᠡᠯ᠎ᠢ ᠡᠰᠡᠷᠭᠦᠴᠡᠬᠦ ᠤᠬᠠᠭᠤᠯᠤᠯ᠎ᠳᠤ ᠣᠷᠣᠯᠴᠠᠭᠤᠯᠵᠤ᠂ ᠬᠠᠮᠲᠤ᠎ᠪᠠᠷ ᠡᠷᠡᠭᠦᠯ ᠮᠡᠨᠳᠦ ᠠᠮᠤᠷ ᠠᠮᠤᠭᠤᠯᠠᠩ ᠠᠮᠢᠳᠤᠷᠠᠯ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠤᠷᠢᠶᠠᠯᠠᠪᠠ᠃

ᠲᠣᠰ ᠤᠳᠠᠭ᠋ᠠᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠲᠤᠰᠬᠠᠶ ᠰᠡᠳᠦᠪᠲᠦ ᠤᠬᠠᠭᠤᠯᠤᠨ ᠲᠠᠶ᠋ᠢᠯᠪᠤᠷᠢᠯᠠᠯᠲᠠ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠬᠤᠤᠷ ᠴᠠᠭ᠋ᠠᠵᠠᠯᠠᠬᠤ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠬᠦ᠂ ᠬᠠᠤᠯᠢ ᠪᠤᠰᠤ᠎ᠪᠠᠷ ᠪᠠᠯᠠ ᠴᠤᠭᠯᠠᠭᠤᠯᠬᠤ ᠵᠡᠷᠭᠡ ᠡᠳ᠋ ᠬᠥᠷᠥᠩᠭᠡ ᠵᠢᠨ ᠠᠮᠤᠷ ᠲᠦᠪᠰᠢᠨ᠎ᠳᠤ ᠬᠠᠯᠳᠠᠬᠤ ᠵᠢ ᠰᠡᠷᠭᠡᠶ᠋ᠢᠯᠡᠬᠦ ᠴᠢᠳᠠᠪᠤᠷᠢ ᠵᠢ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠣᠷᠴᠢᠨ ᠲᠣᠭᠤᠷᠢᠨ᠎ᠢ ᠤᠯᠠᠮ ᠨᠢᠭᠡ ᠠᠯᠬᠤᠮ ᠴᠡᠪᠡᠷᠰᠢᠭᠦᠯᠵᠦ᠂ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠪᠡ᠃
ᠲᠠᠷᠠᠭ᠋ᠠᠴᠢ ᠵᠢᠨ ᠠᠯᠬᠤᠮ᠎ᠳᠤ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠤᠬᠠᠭᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠷᠢᠶᠠᠲᠤ ᠣᠷᠣᠨ᠎ᠤ ᠠᠵᠤ ᠠᠬᠤᠶ᠋ᠢᠯᠠᠯ᠎ᠢ ᠢᠳᠡᠪᠬᠢᠲᠡᠶ ᠰᠤᠷᠪᠤᠯᠵᠢᠯᠠᠵᠤ᠂ ᠠᠵᠤ ᠠᠬᠤᠶ᠋ᠢᠯᠠᠯ᠎ᠤᠨ ᠡᠷᠡᠭᠦᠯ ᠵᠶ᠋ᠠᠷ ᠬᠥᠭᠵᠢᠬᠦ᠎ᠳᠤ ᠴᠢᠨᠠᠷ ᠰᠠᠶ᠋ᠢᠲᠠᠶ᠂ ᠪᠥᠬᠦ ᠲᠠᠯ᠎ᠠ ᠵᠢᠨ᠂ ᠰᠠᠭ᠋ᠠᠳ ᠦᠭᠡᠢ ᠬᠠᠤᠯᠢ ᠴᠠᠭ᠋ᠠᠵᠠ ᠵᠢᠨ ᠦᠢ᠍ᠯᠡᠴᠢᠯᠡᠭᠡ ᠪᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃