ᠦᠢᠯᠡᠴᠢᠯᠡᠭᠡ   -   ᠤᠬᠠᠭᠤᠯᠭ᠎ᠠ
ᠬᠥᠬᠡᠬᠣᠲᠠ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ ᠳᠤᠮᠳᠠᠳᠤ ᠰᠤᠷᠭ᠋ᠠᠭᠤᠯᠢ᠎ᠳᠤ ᠭᠦᠨᠵᠡᠭᠡᠢ᠌ᠷᠡᠨ 《ᠲᠡᠷᠭᠡ ᠬᠥᠭᠯᠡᠭᠦᠯᠦᠨ ᠵᠡᠭᠡᠯᠢ ᠦᠢ᠍ᠮᠡᠭᠦᠯᠬᠦ》 ᠵᠢᠨ ᠰᠡᠷᠡᠮᠵᠢᠯᠡᠭᠦᠯᠬᠦ ᠬᠥᠮᠦᠵᠢᠯ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠪᠡ
ᠨᠡᠶ᠋ᠢᠲᠡᠯᠡᠭᠰᠡᠨ ᠴᠠᠭ᠄ 2024-06-20

    4 ᠳ᠋ᠦ᠍ᠭᠡᠷ ᠰᠠᠷ᠎ᠠ ᠵᠢᠨ 25᠎ᠤ ᠡᠳᠦᠷ᠂ ᠰᠤᠷᠤᠭᠴᠢᠳ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠬᠤ᠂ 《ᠠᠶᠤᠯ ᠲᠦᠭᠰᠢᠭᠦᠷᠢ ᠵᠢ ᠮᠡᠳᠡᠭᠰᠡᠨ᠎ᠤ ᠳᠠᠷᠠᠭ᠎ᠠ ᠠᠶᠤᠯ᠎ᠠᠴᠠ ᠵᠠᠶ᠋ᠢᠯᠠᠬᠤ》 ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠬᠦᠬᠡᠬᠣᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠬᠠᠷᠢᠶᠠᠲᠤ ᠣᠷᠣᠨ᠎ᠤ ᠲᠡᠮᠦᠷ ᠵᠠᠮ᠎ᠤᠨ ᠬᠤᠶᠠᠳᠤᠭ᠋ᠠᠷ ᠳᠤᠮᠳᠠᠳᠤ ᠰᠤᠷᠭ᠋ᠠᠭᠤᠯᠢ᠎ᠳᠤ ᠬᠦᠷᠴᠦ᠂ 130 ᠰᠤᠷᠤᠭᠴᠢᠳ᠎ᠢ ᠵᠣᠬᠢᠶᠠᠨ ᠪᠠᠶ᠋ᠢᠭᠤᠯᠵᠤ 《ᠲᠡᠷᠭᠡ ᠬᠥᠭᠯᠡᠭᠦᠯᠦᠨ ᠵᠡᠭᠡᠯᠢ ᠦᠢ᠍ᠮᠡᠭᠦᠯᠬᠦ》 ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠡᠷᠡᠮᠵᠢᠯᠡᠭᠦᠯᠬᠦ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠮᠣᠲ᠋ᠣᠷ ᠲᠡᠷᠭᠡᠨ᠎ᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠸᠢᠳᠢᠤ᠋ ᠨᠡᠪᠲᠡᠷᠡᠭᠦᠯᠬᠦ᠎ᠪᠠᠷ ᠳᠠᠮᠵᠢᠭᠤᠯᠤᠨ᠂ ᠴᠢᠰᠤᠨ ᠰᠤᠷᠭ᠋ᠠᠮᠵᠢ᠎ᠪᠠᠷ ᠲᠤᠬᠠᠶ ᠵᠢᠨ ᠲᠠᠯᠠᠪᠤᠷ᠎ᠤᠨ ᠰᠤᠷᠤᠭᠴᠢᠳ᠎ᠤᠨ ᠠᠩᠬᠠᠷᠤᠯ᠎ᠢ ᠲᠠᠲᠠᠪᠠ᠃ ᠠᠷᠠᠳ᠎ᠤᠨ ᠴᠠᠭᠳᠠᠭ᠎ᠠ ᠶᠠᠪᠠᠭ᠋ᠠᠨ ᠬᠥᠮᠦᠨ᠎ᠤ ᠠᠮᠤᠷ ᠲᠦᠪᠰᠢᠨ᠂ ᠲᠡᠷᠭᠡᠨ᠎ᠳᠤ ᠰᠠᠭᠤᠬᠤ ᠠᠮᠤᠷ ᠲᠦᠪᠰᠢᠨ᠂ ᠲᠡᠷᠭᠡ ᠤᠨᠤᠬᠤ ᠠᠮᠤᠷ ᠲᠦᠪᠰᠢᠨ᠂ ᠴᠠᠬᠢᠯᠭ᠋ᠠᠨ ᠬᠥᠳᠡᠯᠭᠡᠭᠦᠷᠲᠦ ᠲᠡᠷᠭᠡᠨ᠎ᠤ ᠬᠠᠮᠢᠶᠠᠷᠤᠯᠲᠠ᠂ ᠨᠢᠭᠡ ᠳᠤᠭᠤᠯᠠᠭ᠎ᠠ ᠨᠢᠭᠡ ᠪᠦᠰᠡ᠂ ᠵᠠᠮ ᠬᠠᠷᠢᠯᠴᠠᠭ᠋ᠠᠨ᠎ᠤ ᠠᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠰᠤᠷᠤᠭᠴᠢᠳ᠎ᠲᠤ ᠨᠠᠷᠢᠨ ᠲᠠᠶ᠋ᠢᠯᠤᠮᠵᠢ ᠬᠢᠵᠦ᠂ ᠬᠢᠯᠪᠠᠷ ᠣᠶ᠋ᠢᠯᠠᠭ᠋ᠠᠮᠵᠢᠲᠠᠶ ᠦᠭᠡ ᠬᠡᠯᠡ᠎ᠪᠠᠷ ᠠᠮᠤᠷ ᠲᠦᠪᠰᠢᠨ᠎ᠤ ᠳᠠᠯᠳᠠ ᠬᠡᠮ᠎ᠢ ᠤᠬᠠᠭᠤᠯᠵᠤ᠂ ᠰᠤᠷᠤᠭᠴᠢᠳ᠎ᠲᠤ ᠡᠷᠬᠡᠪᠰᠢ ᠵᠠᠮ ᠬᠠᠷᠢᠯᠴᠠᠭ᠋ᠠᠨ᠎ᠤ ᠲᠦᠷᠢᠮ ᠲᠣᠭᠲᠠᠭ᠋ᠠᠯ᠎ᠢ ᠵᠢᠷᠤᠮᠯᠠᠵᠤ᠂ ᠠᠮᠤᠷ ᠲᠦᠪᠰᠢᠨ ᠪᠣᠯᠪᠠᠰᠤᠨ ᠵᠶ᠋ᠠᠷ ᠠᠶᠠᠯᠠᠬᠤ ᠵᠢ ᠰᠠᠨᠠᠭᠤᠯᠪᠠ᠃ ᠡᠭᠦᠨ᠎ᠠᠴᠠ ᠭᠠᠳᠠᠨ᠎ᠠ ᠢᠦᠢ᠌ᠴᠢᠤᠸᠠᠨ ᠲᠤᠭᠤᠷᠢᠭ᠂ ᠬᠣᠷᠢᠨᠭᠡᠷ ᠰᠢᠶᠠᠨ᠂ ᠦᠴᠦᠸᠠᠨ ᠰᠢᠶᠠᠨ ᠲᠤᠰ ᠲᠤᠰ 《ᠲᠡᠷᠭᠡ ᠬᠥᠭᠯᠡᠭᠦᠯᠦᠨ ᠵᠡᠭᠡᠯᠢ ᠦᠢ᠍ᠮᠡᠭᠦᠯᠬᠦ》 ᠲᠤᠬᠠᠢ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃

和林2.jpg  


    ᠬᠥᠬᠡᠬᠤᠲᠠ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠬᠠᠯᠠᠭᠤᠨ ᠳᠣᠲᠣᠨᠣ ᠰᠠᠨᠠᠭᠤᠯᠤᠮᠵᠢ᠄ ᠵᠠᠰᠠᠮᠠᠯ ᠵᠠᠮ ᠵᠶ᠋ᠡᠷ ᠶᠠᠭ᠋ᠠᠬᠢᠭᠰᠠᠨ ᠴᠤ᠌ ᠤᠷᠤᠯᠳᠤᠭ᠋ᠠᠨ᠎ᠤ ᠲᠠᠯᠠᠪᠤᠷ ᠪᠣᠯᠭ᠋ᠠᠵᠤ ᠪᠣᠯᠬᠤ ᠦᠭᠡᠢ! ᠳᠠᠭᠤ ᠱᠤᠤᠭᠢᠶᠠᠨ᠎ᠢ ᠳᠡᠪᠴᠢᠵᠦ᠂ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ ᠦᠭᠡᠢ᠂ ᠬᠥᠬᠡᠬᠤᠲᠠ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ ᠴᠡᠭᠴᠡᠯᠡᠨ ᠵᠠᠰᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠳᠬᠠᠨ᠂ 《ᠲᠡᠷᠭᠡ ᠬᠥᠭᠯᠡᠭᠦᠯᠦᠨ ᠵᠡᠭᠡᠯᠢ ᠦᠢ᠍ᠮᠡᠭᠦᠯᠬᠦ》 ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠮᠤᠷ ᠲᠥᠪᠰᠢᠨ ᠪᠣᠯᠪᠠᠰᠤᠨ ᠡᠶ᠎ᠡ ᠵᠣᠬᠢᠴᠠᠯ᠎ᠲᠠᠢ ᠵᠠᠮ ᠬᠠᠷᠢᠯᠴᠠᠭ᠋ᠠᠨ᠎ᠤ ᠣᠷᠴᠢᠨ ᠲᠣᠭᠤᠷᠢᠨ᠎ᠢ ᠪᠦᠬᠦ ᠬᠦᠴᠦᠨ ᠵᠶ᠋ᠠᠷ ᠵᠶ᠋ᠠᠨ ᠪᠣᠢ ᠪᠣᠯᠭ᠋ᠠᠰᠤᠭ᠋ᠠᠢ᠃

 

ᠢᠷᠡᠯᠲᠡ᠄ ᠬᠦᠬᠡᠬᠤᠲᠠ ᠵᠢᠨ ᠲᠣᠳᠤᠭ᠋ᠠᠳᠤ ᠵᠢᠨ ᠬᠠᠮᠠᠭ᠋ᠠᠯᠠᠬᠤ ᠲᠣᠪᠴᠢᠶ᠎ᠠ