4 ᠳ᠋ᠦ᠍ᠭᠡᠷ ᠰᠠᠷ᠎ᠠ ᠵᠢᠨ 23᠎ᠤ ᠦᠳᠡ ᠵᠢᠨ ᠡᠮᠦᠨ᠎ᠡ᠂ ᠥᠪᠥᠷ ᠮᠣᠩᠭᠤᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠬᠥᠬᠡᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ᠂ ᠬᠤᠲᠣᠩ ᠠᠷᠠᠳ᠎ᠤᠨ ᠲᠣᠭᠤᠷᠢᠭ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠭᠡ ᠠᠩᠭᠢ ᠠᠷᠠᠳ᠎ᠤᠨ ᠴᠠᠭᠳᠠᠭ᠎ᠠ ᠬᠤᠲᠣᠩ ᠠᠷᠠᠳ᠎ᠤᠨ ᠲᠣᠭᠤᠷᠢᠭ᠎ᠤᠨ ᠶᠦᠮ᠎ᠤᠨ ᠪᠠᠶ᠋ᠢᠰᠢᠩ ᠪᠠᠯᠭ᠋ᠠᠰᠤᠨ᠎ᠤ ᠵᠡᠭᠦᠨ ᠤᠰᠤᠲᠤ ᠲᠣᠰᠬᠤᠨ᠎ᠤ ᠭᠦᠢ᠍ᠯᠡᠰᠦᠨ ᠴᠡᠴᠡᠭ᠎ᠤᠨ ᠭᠣᠤ ᠵᠢᠨ ᠦᠵᠡᠮᠵᠢ ᠵᠢᠨ ᠣᠷᠣᠨ᠎ᠳᠤ 《ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠠᠶᠠᠯᠠᠯ》᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠵᠢ ᠦᠪᠡᠳᠡᠭᠰᠢ ᠶᠡᠭᠡ᠎ᠪᠠᠷ ᠥᠷᠨᠢᠭᠦᠯᠪᠡ᠃
ᠤᠬᠠᠭᠤᠯᠭ᠎ᠠ ᠵᠢᠨ ᠠᠷᠠᠳ᠎ᠤᠨ ᠴᠠᠭᠳᠠᠭ᠎ᠠ ᠲᠣᠰᠬᠤᠨ᠎ᠤ ᠠᠷᠠᠳ᠎ᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠠᠶ᠋ᠢᠯᠪᠤᠷᠢᠯᠠᠬᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢᠨ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ᠂ ᠨᠢᠭᠤᠷᠲᠠᠨ ᠤᠬᠠᠭᠤᠯᠤᠨ ᠲᠠᠶ᠋ᠢᠯᠪᠤᠷᠢᠯᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠲᠥᠬᠦᠮ ᠣᠶ᠋ᠢᠯᠠᠭ᠋ᠠᠮᠵᠢᠲᠠᠶ ᠦᠭᠡ ᠬᠡᠯᠡ᠎ᠪᠠᠷ ᠥᠷᠭᠡᠨ ᠣᠯᠠᠨ ᠲᠣᠰᠬᠤᠨ᠎ᠤ ᠠᠷᠠᠳ᠎ᠲᠤ ᠮᠠᠰᠢᠨᠲᠤ ᠲᠡᠷᠭᠡ᠂ ᠮᠣᠲ᠋ᠣᠷ ᠲᠡᠷᠭᠡ ᠪᠠ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠬᠡᠷᠡᠭᠯᠡᠬᠦ᠎ᠳᠤ ᠠᠮᠤᠷ ᠲᠦᠪᠰᠢᠨ᠎ᠤ ᠳᠤᠭᠤᠯᠠᠭ᠎ᠠ ᠵᠡᠭᠦᠬᠦ ᠥᠬᠡᠶ᠂ ᠦᠨᠡᠮᠯᠡᠯ ᠥᠬᠡᠶ᠎ᠪᠠᠷ ᠵᠢᠯᠣᠭᠤᠳᠬᠤ᠂ ᠲᠠᠷᠢᠶᠠᠯᠠᠩ᠎ᠳᠤ ᠬᠡᠷᠡᠭᠯᠡᠬᠦ ᠲᠡᠷᠭᠡ ᠵᠢ ᠬᠠᠤᠯᠢ᠎ᠠᠴᠠ ᠵᠥᠷᠢᠴᠡᠨ ᠬᠥᠮᠦᠨ ᠲᠡᠭᠡᠭᠡᠪᠦᠷᠢᠯᠡᠬᠦ᠂ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠤᠤᠷ ᠬᠥᠨᠥᠭᠡᠯ ᠪᠠ ᠦᠷ᠎ᠡ ᠳ᠋ᠦᠩ᠎ᠢ ᠲᠠᠶ᠋ᠢᠯᠪᠤᠷᠢᠯᠠᠨ ᠥᠭᠴᠦ᠂ 《ᠨᠢᠭᠡ ᠳᠤᠭᠤᠯᠠᠭ᠎ᠠ ᠨᠢᠭᠡ ᠪᠦᠰᠡ》 ᠵᠢ ᠵᠥᠪ ᠵᠡᠭᠦᠬᠦ ᠵᠢᠨ ᠴᠢᠬᠤᠯᠠ ᠴᠢᠨᠠᠷ᠎ᠢ ᠵᠠᠳᠠᠯᠪᠠ᠃
ᠠᠷᠠᠳ᠎ᠤᠨ ᠴᠠᠭᠳᠠᠭ᠎ᠠ ᠦᠵᠡᠮᠵᠢ ᠵᠢᠨ ᠣᠷᠣᠨ᠎ᠤ ᠣᠨᠴᠠᠯᠢᠭ᠎ᠲᠠᠢ ᠤᠶᠠᠯᠳᠤᠭᠤᠯᠤᠨ᠂ ᠵᠤᠭ᠋ᠠᠴᠠᠭᠰᠠᠳ᠎ᠤᠨ ᠲᠡᠷᠭᠡ ᠪᠠ ᠴᠠᠬᠢᠯᠭ᠋ᠠᠨ ᠬᠥᠳᠡᠯᠭᠡᠭᠦᠷᠲᠦ ᠲᠡᠷᠭᠡ ᠵᠡᠷᠭᠡ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠠᠮᠤᠷ ᠲᠦᠪᠰᠢᠨ᠎ᠤ ᠠᠰᠠᠭᠤᠳᠠᠯ᠎ᠳᠤ ᠴᠢᠭᠯᠡᠭᠦᠯᠦᠨ ᠭᠤᠤᠯᠳᠠᠯᠭ᠎ᠠ᠎ᠲᠠᠢ ᠤᠬᠠᠭᠤᠯᠭ᠎ᠠ ᠬᠢᠵᠦ᠂ ᠵᠤᠭ᠋ᠠᠴᠠᠭᠰᠠᠳ ᠪᠠ ᠵᠢᠯᠣᠭᠤᠴᠢ᠎ᠳᠤ ᠬᠥᠮᠦᠨ᠎ᠤ ᠲᠤᠭ᠎ᠠ᠎ᠠᠴᠠ ᠬᠡᠲᠦᠷᠡᠬᠦ᠂ ᠬᠤᠷᠳᠤᠴᠠ᠎ᠠᠴᠠ ᠬᠡᠲᠦᠷᠡᠬᠦ᠂ ᠠᠷᠢᠬᠢ ᠤᠤᠭᠤᠭ᠋ᠠᠳ ᠲᠡᠷᠭᠡ ᠵᠢᠯᠣᠭᠤᠳᠬᠤ᠂ ᠶᠠᠳᠠᠷᠠᠯᠲᠠᠢ᠎ᠪᠠᠷ ᠲᠡᠷᠭᠡ ᠵᠢᠯᠣᠭᠤᠳᠬᠤ᠂ ᠳᠤᠭᠤᠯᠠᠭ᠎ᠠ ᠵᠡᠭᠦᠬᠦ ᠥᠬᠡᠶ ᠠᠶᠤᠯ ᠦᠭᠡᠢ ᠵᠢᠨ ᠪᠦᠰᠡ ᠪᠦᠰᠡᠯᠡᠬᠦ ᠦᠭᠡᠢ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠤᠤᠷ ᠬᠥᠨᠥᠭᠡᠯ᠎ᠢ ᠲᠠᠶ᠋ᠢᠯᠪᠤᠷᠢᠯᠠᠨ ᠥᠭᠬᠦ ᠵᠢᠨ ᠬᠠᠮᠲᠤ ᠵᠢᠭᠤᠯᠴᠢᠯᠠᠭᠴᠢᠳ᠎ᠲᠤ ᠵᠠᠮ ᠬᠠᠷᠢᠯᠴᠠᠭ᠋ᠠᠨ᠎ᠤ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠵᠤ᠂ ᠠᠮᠤᠷ ᠲᠦᠪᠰᠢᠨ᠎ᠢ ᠠᠩᠬᠠᠷᠬᠤ ᠬᠡᠷᠡᠭᠲᠡᠶ ᠭᠡᠵᠦ ᠰᠠᠨᠠᠭᠤᠯᠪᠠ᠃
ᠠᠷᠠᠳ᠎ᠤᠨ ᠴᠠᠭᠳᠠᠭ᠎ᠠ ᠪᠠᠰᠠ ᠰᠤᠷᠬᠤ ᠨᠠᠰᠤᠨ᠎ᠠᠴᠠ ᠡᠮᠦᠨᠡᠬᠢ ᠬᠡᠤᠬᠡᠳ᠎ᠢ ᠵᠣᠬᠢᠶᠠᠨ ᠪᠠᠶ᠋ᠢᠭᠤᠯᠵᠤ᠂ 《ᠠᠶᠤᠯ ᠲᠦᠭᠰᠢᠭᠦᠷᠢ ᠵᠢ ᠮᠡᠳᠡᠭᠰᠡᠨ᠎ᠤ ᠳᠠᠷᠠᠭ᠎ᠠ ᠠᠶᠤᠯ᠎ᠠᠴᠠ ᠵᠠᠶ᠋ᠢᠯᠠᠵᠤ ᠴᠢᠳᠠᠬᠤ》᠎ᠪᠠᠷ ᠭᠠᠷᠳᠠᠴᠠ ᠪᠣᠯᠭ᠋ᠠᠵᠤ᠂ ᠠᠰᠠᠭᠤᠯᠲᠠ ᠬᠠᠷᠢᠭᠤᠯᠲᠠ ᠬᠠᠷᠢᠭᠤᠯᠬᠤ ᠬᠡᠯᠪᠡᠷᠢ᠎ᠪᠠᠷ ᠬᠡᠤᠬᠡᠳ᠎ᠢ ᠳᠠᠭ᠋ᠠᠭᠤᠯᠤᠨ ᠵᠠᠮ ᠬᠠᠷᠢᠯᠴᠠᠭ᠋ᠠᠨ᠎ᠤ ᠫᠠᠢ᠌ᠰᠠ ᠲᠡᠮᠳᠡᠭ᠂ ᠳᠣᠬᠢᠶᠠᠨ ᠳ᠋ᠧᠩ᠂ ᠵᠠᠮ ᠨᠡᠪᠲᠡᠷᠡᠯᠭᠡ ᠵᠢᠨ ᠵᠠᠷᠴᠢᠮ᠎ᠢ ᠲᠠᠨᠢᠭᠤᠯᠤᠨ᠂ ᠬᠡᠤᠬᠡᠳ᠎ᠢ ᠭᠠᠳᠠᠭᠰᠢ ᠭᠠᠷᠬᠤ᠎ᠳᠤ ᠡᠷᠬᠡᠪᠰᠢ ᠵᠠᠮ ᠬᠠᠷᠢᠯᠴᠠᠭ᠋ᠠᠨ᠎ᠤ ᠲᠦᠷᠢᠮ᠎ᠢ ᠵᠢᠷᠤᠮᠯᠠᠵᠤ᠂ ᠵᠠᠮ ᠬᠠᠷᠢᠯᠴᠠᠭ᠋ᠠᠨ᠎ᠤ ᠮᠠᠭᠤ ᠳᠠᠳᠬᠠᠯ᠎ᠢ ᠲᠡᠪᠴᠢᠨ᠂ ᠵᠠᠮ ᠬᠠᠷᠢᠯᠴᠠᠭ᠋ᠠᠨ᠎ᠤ ᠰᠠᠶ᠋ᠢᠨ ᠰᠠᠶ᠋ᠢᠬᠠᠨ ᠠᠮᠤᠷ ᠲᠦᠪᠰᠢᠨ᠎ᠤ ᠤᠬᠠᠮᠰᠠᠷ᠎ᠢ ᠪᠣᠶ ᠪᠣᠯᠭ᠋ᠠᠬᠤ ᠵᠢ ᠤᠬᠠᠭᠤᠯᠪᠠ᠃