ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠤᠯᠠᠭ᠋ᠠᠶ ᠬᠠᠮᠢᠶᠠᠷᠤᠯᠲᠠ ᠵᠢᠨ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠷᠪᠠᠨ ᠳᠥᠷᠪᠡᠳᠦᠭᠡᠷ ᠪᠥᠬᠥ ᠠᠷᠠᠳ᠎ᠤᠨ ᠬᠣᠣᠷ ᠴᠠᠭ᠋ᠠᠵᠠᠯᠠᠬᠤ ᠤᠬᠠᠭᠤᠯᠭ᠎ᠠ ᠵᠢᠨ ᠰᠠᠷ᠎ᠠ᠎ᠳᠤ 《ᠵᠠᠯᠠᠭᠤᠴᠤᠳ ᠪᠠᠭ᠋ᠠᠴᠤᠳ᠎ᠤᠨ ᠡᠮ᠎ᠤᠨ ᠵᠦᠢ᠍ᠯ᠎ᠢ ᠳᠤᠷ᠎ᠠ᠎ᠪᠠᠷ ᠵᠶ᠋ᠠᠨ ᠬᠡᠷᠡᠭᠯᠡᠬᠦ ᠵᠢ ᠰᠡᠷᠭᠡᠶ᠋ᠢᠯᠡᠬᠦ》 ᠰᠤᠷᠭ᠋ᠠᠭᠤᠯᠢ ᠵᠢᠨ ᠬᠦᠷᠢᠶᠡᠨ᠎ᠳᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃


ᠠᠵᠢᠯᠯᠠᠭ᠎ᠠ ᠵᠢᠨ ᠬᠤᠭᠤᠴᠠᠭ᠋ᠠᠨ᠎ᠳᠤ᠂ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠰᠤᠷᠤᠭᠴᠢᠳ᠎ᠲᠤ PPT᠂ ᠵᠠᠭᠪᠤᠷ᠎ᠤᠨ ᠦᠵᠡᠭᠦᠯᠦᠯᠭᠡ᠂ ᠣᠬᠣᠷ ᠸᠢᠳᠢᠣ᠋ ᠨᠡᠪᠲᠡᠷᠡᠭᠦᠯᠬᠦ᠂ ᠤᠬᠠᠭᠤᠯᠭ᠎ᠠ ᠵᠢᠨ ᠳᠡᠪᠲᠡᠷ ᠲᠠᠷᠬᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠡᠯ᠎ᠡ ᠵᠦᠢ᠍ᠯ᠎ᠤᠨ ᠬᠣᠤᠷᠲᠤ ᠡᠳ᠋᠎ᠤᠨ ᠨᠡᠷᠡᠶ᠋ᠢᠳᠦᠯ᠂ ᠣᠨᠴᠠᠯᠢᠭ ᠰᠢᠨᠵᠢ ᠵᠢᠴᠢ ᠮᠢᠨᠴᠦᠭᠦᠷᠡᠭᠦᠯᠬᠦ᠂ ᠤᠶᠤᠨ ᠮᠡᠳᠡᠷᠡᠯ᠎ᠤᠨ ᠡᠮ᠎ᠢ ᠳᠤᠷ᠎ᠠ᠎ᠪᠠᠷ ᠵᠶ᠋ᠠᠨ ᠬᠡᠷᠡᠭᠯᠡᠬᠦ ᠵᠢᠨ ᠬᠣᠤᠷ ᠬᠥᠨᠥᠭᠡᠯ ᠵᠡᠷᠭᠡ ᠬᠠᠮᠢᠶ᠎ᠠ ᠪᠥᠬᠥᠶ ᠮᠡᠳᠡᠯᠭᠡ ᠵᠢ ᠲᠠᠶ᠋ᠢᠯᠪᠤᠷᠢᠯᠠᠨ ᠥᠭᠴᠦ᠂ ᠰᠤᠷᠤᠭᠴᠢᠳ᠎ᠤᠨ ᠬᠣᠤᠷᠲᠤ ᠡᠳ᠋᠎ᠤᠨ ᠲᠤᠬᠠᠶ ᠲᠠᠨᠢᠯᠲᠠ ᠵᠢ ᠭᠦᠨᠵᠡᠭᠡᠶ᠋ᠢᠷᠡᠭᠦᠯᠵᠦ᠂ ᠰᠠᠶ᠋ᠢᠨ ᠰᠠᠶ᠋ᠢᠬᠠᠨ ᠠᠮᠢᠳᠤᠷᠠᠯ᠎ᠤᠨ ᠳᠠᠳᠬᠠᠯ᠎ᠲᠠᠢ ᠪᠣᠯᠵᠣ᠂ ᠨᠠᠶ᠋ᠢᠵᠠᠯᠠᠬᠤᠳᠤᠪᠠᠨ ᠪᠣᠯᠭᠣᠮᠵᠢᠲᠠᠶ ᠪᠠᠶ᠋ᠢᠵᠤ᠂ ᠬᠣᠤᠷ ᠲᠠᠲᠠᠬᠤ ᠥᠬᠡᠶ᠂ ᠬᠣᠤᠷ᠎ᠲᠠᠢ ᠬᠠᠯᠳᠠᠬᠤ ᠥᠬᠡᠶ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠠᠶ᠋ᠢᠭᠤᠯᠬᠤ ᠬᠡᠷᠡᠭᠲᠡᠶ ᠭᠡᠵᠦ ᠰᠤᠷᠤᠭᠴᠢᠳ᠎ᠲᠤ ᠰᠠᠨᠠᠭᠤᠯᠪᠠ᠃