ᠦᠢᠯᠡᠴᠢᠯᠡᠭᠡ   -   ᠤᠬᠠᠭᠤᠯᠭ᠎ᠠ
ᠬᠥᠪᠡᠭᠡᠲᠦ ᠰᠢᠷ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠤᠷᠭ᠋ᠠᠭᠤᠯᠢ ᠵᠢᠨ ᠬᠦᠷᠢᠶᠡᠨ᠎ᠳᠤ ᠭᠦᠨᠵᠡᠭᠡᠢ᠌ᠷᠡᠵᠦ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ
ᠨᠡᠶ᠋ᠢᠲᠡᠯᠡᠭᠰᠡᠨ ᠴᠠᠭ᠄ 2024-06-05

     5 ᠰᠠᠷ᠎ᠠ ᠵᠢᠨ 30᠎ᠤ ᠡᠳᠦᠷ᠂ 《ᠵᠢᠷᠭᠤᠭ᠋ᠠᠨ ᠰᠠᠷ᠎ᠠ ᠵᠢᠨ ᠨᠢᠭᠡᠨ》᠎ᠤ ᠬᠡᠦᠬᠡᠳ᠎ᠤᠨ ᠪᠠᠶᠠᠷ ᠬᠦᠷᠴᠦ ᠢᠷᠡᠬᠦ ᠲᠠᠰᠢᠷᠠᠮ᠎ᠳᠤ᠂ ᠰᠤᠷᠤᠭᠴᠢᠳ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠮᠰᠠᠷ ᠪᠠ ᠥᠪᠡᠷ᠎ᠤᠨ ᠪᠡᠶ᠎ᠡ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠣᠪᠣᠢ᠌ᠮ᠎ᠠ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠦᠲᠦᠮᠵᠢᠲᠡᠶ ᠠᠷᠢᠯᠭ᠋ᠠᠵᠤ᠂ ᠰᠤᠷᠤᠭᠴᠢᠳ᠎ᠤᠨ ᠵᠠᠮ ᠬᠠᠷᠢᠯᠴᠠᠭ᠋ᠠᠨ᠎ᠤ ᠡᠨᠳᠡᠯ ᠭᠠᠷᠬᠤ ᠵᠢ ᠰᠡᠷᠭᠡᠢ᠌ᠯᠡᠬᠦ ᠪᠠ ᠪᠠᠭ᠋ᠠᠰᠬᠠᠬᠤ ᠵᠢᠨ ᠲᠥᠯᠥᠭᠡ᠂ ᠬᠥᠪᠡᠭᠡᠲᠦ ᠰᠢᠷ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠨᠢᠭᠡᠳᠦᠭᠡᠷ ᠪᠠᠭ᠎ᠠ ᠰᠤᠷᠭ᠋ᠠᠭᠤᠯᠢ᠎ᠳᠤ ᠬᠦᠷᠴᠦ 《ᠠᠶᠤᠯ ᠲᠦᠭᠰᠢᠭᠦᠷᠢ ᠵᠢ ᠮᠡᠳᠡᠵᠦ ᠠᠶᠤᠯ ᠲᠦᠭᠰᠢᠭᠦᠷᠢ᠎ᠠᠴᠠ ᠵᠠᠢ᠌ᠯᠠᠵᠤ ᠴᠢᠳᠠᠬᠤ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠠᠵᠢᠯᠯᠠᠭ᠎ᠠ ᠥᠷᠨᠢᠭᠦᠯᠪᠡ᠃

微信图片_20240530153747.jpg


      ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠰᠤᠷᠭ᠋ᠠᠭᠤᠯᠢ ᠵᠢᠨ ᠡᠷᠬᠢᠨ ᠲᠣᠭᠣᠷᠢᠨ᠎ᠤ ᠵᠠᠮ ᠬᠠᠷᠢᠯᠴᠠᠭ᠋ᠠᠨ᠎ᠤ ᠣᠷᠴᠢᠨ ᠲᠣᠭᠣᠷᠢᠨ ᠵᠢᠴᠢ ᠰᠤᠷᠤᠭᠴᠢᠳ᠎ᠤᠨ  ᠨᠠᠰᠤᠨ᠎ᠤ ᠣᠨᠴᠠᠯᠢᠭ᠎ᠲᠠᠢ ᠤᠶᠠᠯᠳᠤᠭᠤᠯᠤᠨ᠂ PPT ᠶᠠᠷᠢᠶ᠎ᠠ ᠢᠯᠡᠳᠬᠡᠯ ᠬᠢᠬᠦ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ ᠦᠵᠡᠭᠦᠯᠬᠦ᠂ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ᠎ᠪᠠᠷ ᠳᠠᠮᠵᠢᠭᠤᠯᠤᠨ᠂ ᠰᠤᠷᠤᠭᠴᠢᠳ᠎ᠲᠤ ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ ᠪᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢ ᠲᠠᠢ᠌ᠯᠪᠤᠷᠢᠯᠠᠨ ᠥᠭᠴᠦ᠂ ᠡᠨᠳᠡᠯ ᠬᠡᠷᠡᠭ᠎ᠤᠨ ᠵᠢᠱ᠌ᠢᠶ᠎ᠡ᠎ᠪᠠᠷ ᠳᠠᠮᠵᠢᠭᠤᠯᠤᠨ ᠥᠷᠭᠡᠨ ᠣᠯᠠᠨ ᠰᠤᠷᠤᠭᠴᠢᠳ᠎ᠲᠤ ᠰᠡᠷᠡᠮᠵᠢ ᠦᠭᠭᠦᠭᠰᠡᠨ ᠪᠠᠢ᠌ᠨ᠎ᠠ᠃ ᠢᠯᠠᠩᠭᠤᠶ᠎ᠠ ᠠᠮᠤᠷ ᠲᠦᠪᠰᠢᠨ᠎ᠤ ᠳᠤᠭᠤᠯᠠᠭ᠎ᠠ ᠵᠢ ᠬᠡᠷᠬᠢᠨ ᠵᠥᠪ ᠵᠡᠭᠦᠬᠦ ᠪᠠ ᠠᠮᠤᠷ ᠲᠦᠪᠰᠢᠨ᠎ᠤ ᠪᠦᠰᠡ ᠵᠢ ᠵᠢᠷᠤᠮᠵᠢᠭᠤᠯᠤᠨ ᠬᠡᠷᠡᠭᠯᠡᠬᠦ ᠲᠤᠬᠠᠢ ᠨᠠᠷᠢᠨ ᠲᠠᠢ᠌ᠯᠤᠮᠵᠢ ᠬᠢᠵᠦ᠂ ᠰᠤᠷᠤᠭᠴᠢᠳ᠎ᠲᠤ ᠵᠠᠰᠠᠮᠠᠯ ᠵᠠᠮ᠎ᠢ ᠬᠡᠷᠬᠢᠨ ᠠᠶᠤᠯ ᠦᠭᠡᠢ ᠬᠡᠲᠦᠯᠬᠦ  ᠵᠢᠴᠢ ᠵᠠᠮ ᠬᠠᠷᠢᠯᠴᠠᠭ᠋ᠠᠨ᠎ᠤ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠵᠤ᠂ ᠪᠣᠯᠪᠠᠰᠤᠨ ᠪᠤᠰᠤ ᠵᠠᠮ ᠬᠠᠷᠢᠯᠴᠠᠭ᠋ᠠᠨ᠎ᠤ ᠦᠢᠯᠡ ᠠᠵᠢᠯᠯᠠᠭ᠎ᠠ ᠪᠠ ᠵᠠᠮ ᠬᠠᠷᠢᠯᠴᠠᠭ᠋ᠠᠨ᠎ᠤ ᠮᠠᠭᠤ ᠳᠠᠳᠬᠠᠯ᠎ᠢ ᠲᠠᠶᠠᠭᠳᠠᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠪᠠᠲᠤ ᠴᠡᠭᠡᠵᠢᠯᠡᠵᠦ᠂ 《ᠠᠶᠤᠯ ᠲᠦᠭᠰᠢᠭᠦᠷᠢ ᠵᠢ ᠮᠡᠳᠡᠵᠦ ᠠᠶᠤᠯ ᠲᠦᠭᠰᠢᠭᠦᠷᠢ᠎ᠠᠴᠠ ᠵᠠᠢ᠌ᠯᠠᠵᠤ ᠴᠢᠳᠠᠬᠤ》 ᠭᠡᠳᠡᠭ᠎ᠢ ᠦᠨᠡᠨ ᠬᠦ᠌ ᠪᠡᠶᠡᠯᠡᠭᠦᠯᠬᠦ ᠬᠡᠷᠡᠭᠲᠡᠢ ᠭᠡᠵᠦ ᠰᠠᠨᠠᠭᠤᠯᠤᠭᠰᠠᠨ ᠪᠠᠢ᠌ᠨ᠎ᠠ᠃

微信图片_20240530153752.jpg


      ᠠᠵᠢᠯᠯᠠᠭ᠎ᠠ ᠵᠢᠨ ᠲᠤᠮᠲᠠ᠂ ᠱᠠᠩᠨᠠᠯ᠎ᠲᠠᠢ ᠥᠷᠢᠰᠦᠯᠳᠦᠨ ᠬᠠᠷᠢᠭᠤᠯᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠢᠳᠡᠪᠬᠢᠲᠡᠢ᠎ᠪᠠᠷ ᠵᠠᠪᠳᠤᠨ ᠬᠠᠷᠢᠭᠤᠯᠵᠤ᠂ ᠬᠥᠷ ᠬᠥᠭᠵᠢᠶᠡᠨ᠎ᠲᠠᠢ ᠲᠤᠬᠠᠢ ᠵᠢᠨ ᠲᠠᠯᠠᠪᠤᠷ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ᠂ ᠵᠠᠮ ᠬᠠᠷᠢᠯᠴᠠᠭ᠋ᠠᠨ᠎ᠤ ᠴᠠᠭᠳᠠᠭ᠎ᠠ᠎ᠠᠴᠠ ᠰᠡᠳᠦᠪ ᠬᠠᠷᠢᠭᠤᠯᠵᠤ ᠱᠠᠩᠨᠠᠯ ᠣᠯᠣᠭᠰᠠᠨ ᠰᠤᠷᠤᠭᠴᠢᠳ᠎ᠲᠤ ᠪᠢᠴᠢᠭ᠎ᠤᠨ ᠬᠡᠷᠡᠭᠰᠡᠯ ᠲᠦᠭᠡᠭᠡᠨ ᠥᠭᠴᠦ 《ᠵᠢᠷᠭᠤᠭ᠋ᠠᠨ ᠰᠠᠷ᠎ᠠ ᠵᠢᠨ ᠨᠢᠭᠡᠨ》᠎ᠤ ᠬᠡᠦᠬᠡᠳ᠎ᠤᠨ ᠪᠠᠶᠠᠷ᠎ᠤᠨ ᠡᠳᠦᠷ᠎ᠤᠨ ᠪᠡᠯᠡᠭ ᠪᠣᠯᠭ᠋ᠠᠪᠠ᠃ ᠰᠤᠷᠤᠭᠴᠢᠳ᠎ᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢ ᠨᠠᠩ ᠭᠦᠨᠵᠡᠭᠡᠢ ᠰᠤᠷᠤᠯᠴᠠᠭᠤᠯᠵᠤ᠂ ᠰᠤᠷᠤᠭᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠶᠠᠪᠤᠵᠤ ᠰᠠᠭᠤᠬᠤ ᠰᠠᠢ᠌ᠨ ᠰᠠᠢ᠌ᠬᠠᠨ ᠳᠠᠳᠬᠠᠯ᠎ᠲᠠᠢ ᠪᠣᠯᠭ᠋ᠠᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ᠎ᠠᠴᠠ ᠵᠠᠢ᠌ᠯᠠᠬᠤ᠂ ᠥᠪᠡᠷ᠎ᠤᠨ ᠠᠮᠢ ᠨᠠᠰᠤᠨ᠎ᠤ ᠠᠮᠤᠷ ᠲᠦᠪᠰᠢᠨ ᠵᠶ᠋ᠡᠨ ᠬᠠᠮᠠᠭ᠋ᠠᠯᠠᠬᠤ ᠴᠢᠳᠠᠪᠤᠷᠢ ᠵᠢ᠎ᠨᠢ ᠲᠡᠭᠡᠭᠰᠢᠯᠡᠭᠦᠯᠦᠭᠰᠡᠨ ᠪᠠᠢ᠌ᠨ᠎ᠠ᠃ ᠲᠣᠰ ᠤᠳᠠᠭ᠋ᠠᠨ᠎ᠤ ᠠᠵᠢᠯᠯᠠᠭ᠎ᠠ᠎ᠨᠢ ᠰᠤᠷᠤᠭᠴᠢᠳ᠎ᠲᠤ ᠨᠢᠭᠡ ᠤᠳᠠᠭ᠋ᠠᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠥᠮᠦᠵᠢᠯ᠎ᠢ ᠪᠥᠬᠥ ᠲᠠᠯ᠎ᠠ᠎ᠪᠠᠷ ᠭᠦᠨᠵᠡᠭᠡᠢ ᠬᠦᠷᠲᠡᠭᠡᠭᠰᠡᠨ ᠵᠶ᠋ᠡᠷ ᠪᠠᠷᠠᠬᠤ ᠦᠭᠡᠢ ᠨᠠᠩ ᠴᠢᠬᠤᠯᠠ᠎ᠨᠢ ᠰᠤᠷᠤᠭᠴᠢᠳ᠎ᠢ ᠬᠠᠷᠠᠬᠠᠨ ᠪᠠᠭ᠎ᠠ᠎ᠠᠴᠠ᠎ᠨᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠮᠰᠠᠷ᠂ ᠪᠣᠯᠪᠠᠰᠤᠨ ᠵᠠᠮ ᠬᠠᠷᠢᠯᠴᠠᠭ᠋ᠠᠨ᠎ᠤ ᠤᠬᠠᠮᠰᠠᠷ᠎ᠲᠠᠢ ᠪᠣᠯᠭ᠋ᠠᠵᠤ᠂ ᠵᠠᠮ ᠬᠠᠷᠢᠯᠴᠠᠭ᠋ᠠᠨ᠎ᠤ ᠳᠦᠷᠢᠮ ᠲᠣᠭᠲᠠᠭ᠋ᠠᠯ᠎ᠢ ᠵᠢᠷᠤᠮᠯᠠᠬᠤ ᠰᠠᠢ᠌ᠨ ᠰᠠᠢ᠌ᠬᠠᠨ ᠳᠠᠳᠬᠠᠯ᠎ᠲᠠᠢ ᠪᠣᠯᠭ᠋ᠠᠬᠤ ᠵᠢᠨ ᠬᠠᠮᠲᠤ ᠠᠮᠤᠷ ᠲᠦᠪᠰᠢᠨ ᠵᠶ᠋ᠡᠷ ᠶᠠᠪᠤᠵᠤ ᠰᠠᠭᠤᠬᠤ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠭᠤᠯᠤᠭᠰᠠᠨ ᠪᠠᠢ᠌ᠨ᠎ᠠ᠃

 

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ