ᠦᠢᠯᠡᠴᠢᠯᠡᠭᠡ   -   ᠤᠬᠠᠭᠤᠯᠭ᠎ᠠ
ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠣᠯᠠᠨ ᠤᠯᠤᠰ᠎ᠤᠨ ᠬᠣᠤᠷ ᠴᠠᠭ᠋ᠠᠵᠠᠯᠠᠬᠤ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠵᠢᠴᠢ ᠪᠥᠬᠥ ᠬᠣᠲᠠ ᠵᠢᠨ ᠵᠠᠯᠠᠭᠤᠴᠤᠳ ᠪᠠᠭ᠋ᠠᠴᠤᠳ᠎ᠤᠨ ᠬᠣᠤᠷ ᠴᠠᠭ᠋ᠠᠵᠠᠯᠠᠬᠤ ᠤᠷᠠᠨ ᠪᠢᠴᠢᠯᠭᠡ ᠵᠢᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2024-07-11

      6 ᠰᠠᠷ᠎ᠠ ᠵᠢᠨ 23᠎ᠤ ᠡᠳᠦᠷ᠂ 37 ᠳ᠋ᠤᠭ᠋ᠠᠷ ᠳᠡᠯᠡᠬᠡᠶ ᠵᠢᠨ ᠬᠣᠣᠷ ᠴᠠᠭ᠋ᠠᠵᠠᠯᠠᠬᠤ ᠡᠳᠦᠷ ᠬᠦᠷᠴᠦ ᠢᠷᠡᠬᠦ ᠲᠠᠰᠢᠷᠠᠮ᠎ᠳᠤ᠂ ᠦᠬᠠᠶ ᠬᠣᠲᠠ ᠵᠢᠨ ᠬᠣᠣᠷ ᠴᠠᠭ᠋ᠠᠵᠠᠯᠠᠬᠤ ᠠᠵᠢᠯ᠎ᠤᠨ ᠠᠯᠪᠠᠨ ᠭᠡᠷ᠂ ᠦᠬᠠᠶ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠦᠬᠠᠢ ᠬᠤᠳᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶ᠎ᠠ᠂ ᠦᠬᠠᠢ ᠬᠤᠳᠠ ᠵᠢᠨ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠦᠬᠠᠢ ᠬᠤᠳᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠮᠲᠤᠷᠠᠨ ᠡᠷᠬᠢᠯᠡᠭᠰᠡᠡ 《ᠵᠠᠯᠠᠭᠤᠴᠤᠳ ᠪᠠᠭ᠋ᠠᠴᠤᠳ᠎ᠤᠨ ᠡᠮ᠎ᠤᠨ ᠵᠦᠢ᠍ᠯᠡᠰ᠎ᠢ ᠳᠤᠷ᠎ᠠ᠎ᠪᠠᠷ ᠬᠡᠷᠡᠭᠯᠡᠬᠦ ᠵᠢ ᠰᠡᠷᠭᠡᠶ᠋ᠢᠯᠡᠵᠦ᠂ ᠰᠢᠨ᠎ᠡ ᠴᠠᠭ ᠦᠶ᠎ᠡ ᠵᠢᠨ ᠬᠣᠣᠷ ᠦᠭᠡᠢ ᠦᠬᠠᠢ ᠵᠢ ᠬᠠᠮᠲᠤᠪᠠᠷ ᠴᠣᠭᠴᠠᠯᠠᠶ᠎ᠠ》 ᠭᠡᠬᠦ 2024 ᠣᠨ᠎ᠤ 《6.26》᠎ᠤ ᠤᠯᠠᠨ ᠤᠯᠤᠰ᠎ᠤᠨ ᠬᠣᠣᠷ ᠴᠠᠭ᠋ᠠᠵᠠᠯᠠᠬᠤ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠵᠢᠴᠢ 《  ᠪᠡᠬᠡ ᠵᠢᠨ ᠠᠶᠠᠯᠭᠤ᠂ ᠬᠣᠣᠷ ᠦᠭᠡᠢ ᠵᠠᠯᠠᠭᠤ ᠨᠠᠰᠤ》 ᠭᠡᠬᠦ ᠪᠦᠬᠦ ᠬᠤᠳᠠ ᠵᠢᠨ ᠵᠠᠯᠠᠭᠤᠴᠤᠳ ᠪᠠᠭ᠋ᠠᠴᠤᠳ᠎ᠤᠨ ᠬᠣᠣᠷ ᠴᠠᠭ᠋ᠠᠵᠠᠯᠠᠬᠤ ᠤᠷᠠᠨ ᠪᠢᠴᠢᠯᠭᠡ ᠵᠢᠨ ᠤᠷᠤᠯᠳᠤᠭ᠋ᠠᠨ᠎ᠤ ᠱᠠᠩᠨᠠᠯ ᠣᠯᠭᠣᠬᠤ ᠶᠣᠰᠣᠯᠠᠯ ᠬᠤᠳᠠ ᠵᠢᠨ ᠠᠷᠠᠳ᠎ᠤᠨ ᠴᠡᠴᠡᠷᠯᠢᠭ᠎ᠲᠤ ᠦᠪᠡᠳᠡᠭᠰᠢ ᠶᠡᠬᠡᠪᠡᠷ ᠶᠠᠪᠤᠭᠳᠠᠪᠠ᠃

微信图片_20240624090007.jpg


      ᠲᠥᠪ ᠶᠡᠬᠡᠮᠰᠦᠭ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ》 ᠵᠢᠨ ᠳᠤᠮᠳᠠ ᠠᠵᠢᠯᠯᠠᠭ᠎ᠠ ᠵᠢᠩᠬᠢᠨᠢ᠎ᠪᠠᠷ ᠡᠬᠢᠯᠡᠪᠡ᠃ ᠱᠠᠩᠨᠠᠯ ᠣᠯᠭᠣᠬᠤ ᠶᠣᠰᠣᠯᠠᠯ ᠳᠡᠭᠡᠷ᠎ᠡ᠂ ᠡᠯ᠎ᠡ ᠤᠳᠤᠷᠢᠳᠤᠯᠭ᠎ᠠ ᠨᠠᠷ ᠱᠠᠩᠨᠠᠯ ᠣᠯᠤᠭᠰᠠᠨ ᠰᠤᠷᠤᠭᠴᠢᠳ᠎ᠲᠤ ᠢᠷᠠᠭᠤ ᠠᠯᠳᠠᠷ᠎ᠤᠨ ᠦᠨᠡᠮᠯᠡᠯ ᠪᠠ ᠭᠣᠶ᠋ᠢᠳᠠ ᠰᠠᠶ᠋ᠢᠬᠠᠨ ᠱᠠᠩᠨᠠᠯ᠎ᠤᠨ ᠡᠳ᠋ ᠭᠠᠷᠳᠠᠭᠤᠯᠪᠠ᠃ ᠪᠥᠬᠥ ᠬᠣᠲᠠ ᠵᠢᠨ 400 ᠰᠢᠬᠠᠮ ᠵᠠᠯᠠᠭᠤᠴᠤᠳ ᠪᠠᠭ᠋ᠠᠴᠤᠳ ᠲᠣᠰ ᠤᠳᠠᠭ᠋ᠠᠨ᠎ᠤ ᠤᠷᠤᠯᠳᠤᠭ᠋ᠠᠨ᠎ᠳᠤ ᠣᠷᠣᠯᠴᠠᠵᠤ᠂ ᠤᠷᠠᠨ ᠪᠢᠴᠢᠯᠭᠡ ᠵᠢᠨ ᠤᠷᠠᠯᠢᠭ᠎ᠤᠨ ᠥᠪᠡᠷᠮᠢᠴᠡ ᠷᠢᠳᠢ ᠰᠢᠳᠢ ᠵᠢ ᠢᠯᠡᠷᠡᠭᠦᠯᠦᠭᠰᠡᠨ ᠵᠶ᠋ᠠᠷ ᠪᠠᠷᠠᠬᠤ ᠥᠬᠡᠶ᠂ ᠨᠠᠩ ᠴᠤ᠌ ᠵᠠᠯᠠᠭᠤᠴᠤᠳ ᠪᠠᠭ᠋ᠠᠴᠤᠳ᠎ᠤᠨ ᠬᠣᠤᠷ ᠴᠠᠭ᠋ᠠᠵᠠᠯᠠᠬᠤ ᠠᠵᠢᠯ᠎ᠢ ᠡᠷᠡᠰ ᠳᠡᠮᠵᠢᠵᠦ ᠪᠠᠶ᠋ᠢᠬᠤ ᠪᠠ 《ᠳᠡᠯᠡᠬᠡᠶ ᠳ᠋ᠠᠬᠢᠨ᠎ᠳᠤ ᠬᠣᠤᠷ ᠥᠬᠡᠶ》 ᠪᠠᠶ᠋ᠢᠬᠤ ᠰᠠᠶ᠋ᠢᠨ ᠰᠠᠶ᠋ᠢᠬᠠᠨ ᠬᠦᠰᠡᠯ ᠡᠷᠡᠮᠡᠯᠵᠡᠯ᠎ᠢ ᠳᠠᠮᠵᠢᠭᠤᠯᠤᠭᠰᠠᠨ ᠪᠠᠶ᠋ᠢᠨ᠎ᠠ᠃ ᠱᠠᠩᠨᠠᠯ ᠣᠯᠤᠭᠰᠠᠨ ᠰᠤᠷᠤᠭᠴᠢᠳ ᠠᠵᠢᠯᠯᠠᠭ᠎ᠠ ᠵᠢᠨ ᠠᠬᠤᠶ ᠲᠠᠯᠠᠪᠠᠶ᠎ᠳᠤ ᠤᠷᠠᠨ ᠪᠢᠴᠢᠯᠭᠡ ᠵᠢᠨ ᠪᠦᠲᠦᠭᠡᠯ ᠵᠶ᠋ᠠᠨ ᠪᠢᠴᠢᠪᠡ᠃

微信图片_20240624080438.jpg


      ᠬᠣᠤᠷᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠵᠢᠨ ᠦᠵᠡᠭᠦᠯᠦᠯᠭᠡ ᠵᠢᠨ ᠲᠠᠶ᠋ᠢᠰᠠᠨ᠎ᠤ ᠡᠮᠦᠨ᠎ᠡ᠂ ᠦᠬᠠᠶ ᠬᠣᠲᠠ ᠵᠢᠨ ᠡᠯ᠎ᠡ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠣᠣᠷ ᠴᠠᠭ᠋ᠠᠵᠠᠯᠠᠬᠤ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠣᠤᠷᠲᠤ ᠡᠳ᠋᠎ᠤᠨ ᠵᠠᠭᠪᠤᠷ᠎ᠢ ᠳᠡᠯᠭᠡᠨ ᠦᠵᠡᠭᠦᠯᠬᠦ᠂ ᠬᠣᠤᠷᠲᠤ ᠡᠳ᠋᠎ᠢ ᠴᠠᠭ᠋ᠠᠵᠠᠯᠠᠬᠤ ᠮᠡᠳᠡᠯᠭᠡ ᠵᠢ ᠲᠠᠶ᠋ᠢᠯᠪᠤᠷᠢᠯᠠᠬᠤ᠂ ᠬᠣᠤᠷᠲᠤ ᠡᠳ᠋᠎ᠢ ᠴᠠᠭ᠋ᠠᠵᠠᠯᠠᠬᠤ ᠮᠡᠳᠡᠯᠭᠡ ᠵᠢᠨ ᠭᠠᠷ ᠳᠡᠪᠲᠡᠷ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠣᠯᠠᠨ ᠲᠦᠮᠡᠨ᠎ᠳᠤ ᠬᠣᠤᠷᠲᠤ ᠡᠳ᠋᠎ᠤᠨ ᠬᠣᠤᠷ ᠬᠥᠨᠥᠭᠡᠯᠲᠦ ᠴᠢᠨᠠᠷ ᠪᠠ ᠬᠣᠤᠷᠲᠤ ᠡᠳ᠋᠎ᠢ ᠴᠠᠭ᠋ᠠᠵᠠᠯᠠᠬᠤ ᠠᠵᠢᠯ᠎ᠤᠨ ᠴᠢᠬᠤᠯᠠ ᠴᠢᠨᠠᠷ᠎ᠢ ᠲᠦᠭᠡᠮᠡᠯᠵᠢᠭᠦᠯᠪᠡ᠃  ᠦᠵᠡᠭᠦᠯᠦᠯᠭᠡ ᠵᠢᠨ ᠲᠠᠶ᠋ᠢᠰᠠᠨ᠎ᠤ ᠦᠵᠡᠭᠦᠯᠦᠯᠭᠡ᠎ᠪᠠᠷ ᠳᠡᠮᠵᠢᠨ᠂ ᠬᠣᠤᠷᠲᠤ ᠡᠳ᠋᠎ᠤᠨ ᠬᠣᠤᠷ ᠬᠥᠨᠥᠭᠡᠯ᠎ᠤᠨ ᠲᠤᠬᠠᠶ ᠨᠠᠩ ᠰᠢᠭᠤᠳ ᠲᠠᠨᠢᠯᠲᠠ᠎ᠲᠠᠢ ᠪᠣᠯᠵᠣ᠂ ᠬᠣᠣᠷ ᠴᠠᠭ᠋ᠠᠵᠠᠯᠠᠬᠤ ᠠᠵᠢᠯ᠎ᠳᠤ ᠨᠠᠩ ᠭᠦᠨᠵᠡᠭᠡᠶ ᠣᠶ᠋ᠢᠯᠠᠭ᠋ᠠᠯᠲᠠ᠎ᠲᠠᠢ ᠪᠣᠯᠪᠠ ᠭᠡᠵᠦ ᠴᠥᠭᠡᠨ ᠪᠤᠰᠤ ᠬᠣᠲᠠ ᠵᠢᠨ ᠠᠷᠠᠳ ᠢᠯᠡᠷᠬᠡᠶ᠋ᠢᠯᠡᠵᠡᠶ᠃

 

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ