ᠦᠢᠯᠡᠴᠢᠯᠡᠭᠡ   -   ᠤᠬᠠᠭᠤᠯᠭ᠎ᠠ
ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-08-22

   5 ᠳ᠋ᠤᠭ᠋ᠠᠷ ᠰᠠᠷ᠎ᠠ ᠵᠢᠨ 31᠎ᠤ ᠡᠳᠦᠷ᠂ ᠬᠢᠩᠭ᠋ᠠᠨ ᠠᠢ᠌ᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 2024 ᠣᠨ᠎ᠤ ᠪᠥᠬᠦ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠭᠠᠷᠠᠭ ᠵᠢᠴᠢ ᠬᠤᠷᠢ ᠶᠢᠰᠦᠳᠦᠭᠡᠷ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ᠃ ᠲᠤᠪᠴᠢᠶᠠᠨ᠎ᠤ ᠴᠠᠭᠳᠠᠭ᠋ᠠᠨ᠎ᠤ ᠰᠠᠯᠪᠤᠷᠢ ᠠᠩᠭᠢ᠂ ᠠᠮᠤᠷ᠎ᠢ ᠬᠠᠮᠠᠭ᠋ᠠᠯᠠᠬᠤ ᠶᠡᠭᠡ ᠠᠩᠭᠢ᠂ ᠣᠷᠴᠢᠨ ᠲᠣᠭᠤᠷᠢᠨ ᠢᠳᠡᠭᠡᠨ ᠤᠮᠳᠠᠭ᠋ᠠᠨ ᠡᠮ᠎ᠤᠨ ᠵᠦᠢ᠍ᠯᠡᠰ᠎ᠤᠨ ᠶᠠᠯᠠᠲᠤ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠭᠡ ᠠᠩᠭᠢ᠂ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠭᠡ ᠠᠩᠭᠢ᠂ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠦᠯ᠎ᠤᠨ ᠴᠠᠭᠳᠠᠭ᠎ᠠ ᠵᠢᠨ ᠶᠡᠭᠡ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠤᠬᠠᠭᠤᠯᠤᠨ ᠪᠠᠳᠠᠷᠠᠭᠤᠯᠵᠤ ᠰᠢᠨ᠎ᠡ ᠴᠢᠨᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠳᠠᠶ᠋ᠢᠴᠢᠨ ᠬᠦᠴᠦᠨ᠎ᠢ ᠳᠡᠭᠡᠭᠰᠢᠯᠡᠭᠦᠯᠬᠦ》᠎ᠪᠠᠷ ᠭᠤᠤᠯ ᠰᠡᠳᠦᠪ ᠪᠣᠯᠭ᠋ᠠᠭᠰᠠᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃

1.jpg  


     ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠨᠢ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠷᠠᠳ ᠣᠯᠠᠨ᠎ᠤ ᠬᠤᠭᠤᠷᠣᠨᠳᠣᠬᠢ ᠵᠠᠶ ᠵᠢ ᠤᠯᠠᠮ ᠨᠢᠭᠡ ᠠᠯᠬᠤᠮ ᠣᠶ᠋ᠢᠷᠠᠲᠤᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠶ ᠲᠠᠨᠢᠯᠲᠠ ᠪᠠ ᠳᠡᠮᠵᠢᠯᠭᠡ ᠵᠢᠨ ᠬᠡᠮᠵᠢᠶ᠎ᠡ ᠵᠢ ᠴᠦ᠍ ᠶᠡᠭᠡ᠎ᠪᠠᠷ ᠳᠡᠭᠡᠭᠰᠢᠯᠡᠭᠦᠯᠪᠡ᠃ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠥᠷᠭᠡᠨ ᠵᠶ᠋ᠠᠷ ᠤᠯᠠᠮᠵᠢᠯᠠᠵᠤ᠂ ᠪᠦᠬᠦ ᠴᠠᠭᠳᠠᠭ᠎ᠠ ᠵᠢ ᠲᠠᠶ᠋ᠢᠴᠢᠯᠠᠨ ᠤᠷᠢᠶᠠᠯᠠᠵᠤ᠂ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠳᠤ ᠣᠷᠣᠯᠴᠠᠭᠤᠯᠵᠤ᠂ ᠰᠢᠨ᠎ᠡ ᠴᠢᠨᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠲᠠᠶ᠋ᠢᠴᠢᠨ ᠬᠦᠴᠦᠨ᠎ᠢ ᠲᠦᠷᠭᠡᠨ ᠪᠤᠢ ᠪᠣᠯᠭ᠋ᠠᠬᠤ ᠪᠠ ᠳᠡᠭᠡᠭᠰᠢᠯᠡᠭᠦᠯᠪᠡ; ᠥᠪᠡᠷᠮᠢᠴᠡ ᠣᠨᠴᠠᠯᠢᠭ᠎ᠲᠠᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ᠎ᠨᠢ ᠠᠷᠠᠳ ᠤᠯᠠᠨ᠎ᠳᠤ ᠡᠶ᠎ᠡ ᠵᠣᠬᠢᠴᠠᠩᠭᠤᠢ ᠡᠷᠡᠭᠦᠯ ᠰᠠᠷᠠᠭᠤᠯ ᠰᠢᠨᠵᠢᠯᠡᠬᠦ ᠤᠬᠠᠭ᠋ᠠᠨ ᠮᠡᠷᠭᠡᠵᠢᠯ ᠰᠣᠶᠣᠯ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ ᠥᠭᠴᠡᠢ; ᠨᠡᠭᠡᠭᠡᠯᠲᠡᠲᠡᠶ ᠰᠢᠯᠢᠳᠡᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠨᠢ ᠳᠣᠲᠣᠭ᠋ᠠᠳᠤ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷᠭᠦᠯᠵᠢᠯᠡᠨ ᠰᠢᠨ᠎ᠡ ᠵᠢ ᠡᠭᠦᠳᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠪᠡ᠃

7.jpg  


     ᠳᠠᠷᠠᠭ᠋ᠠᠴᠢ ᠵᠢᠨ ᠠᠯᠬᠤᠮ᠎ᠳᠤ᠂ ᠲᠤᠰ ᠤᠳᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠭᠠᠷᠠᠭ ᠵᠶ᠋ᠠᠷ ᠠᠵᠠ ᠲᠣᠬᠢᠶᠠᠯ ᠪᠣᠯᠭ᠋ᠠᠨ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠤᠨ᠂ ᠳᠣᠲᠣᠭ᠋ᠠᠳᠤ ᠵᠢ ᠬᠠᠮᠠᠭ᠋ᠠᠯᠠᠬᠤ ᠤᠨᠴᠠᠯᠢᠭᠳᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ ᠵᠢᠨ ᠠᠭᠤᠯᠭ᠎ᠠ ᠵᠢ ᠪᠠᠶᠠᠯᠢᠭᠵᠢᠭᠤᠯᠤᠨ᠂ ᠴᠢᠨᠠᠷ ᠰᠠᠶ᠋ᠢᠲᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠤᠨ ᠨᠡᠭᠡᠭᠡᠯᠲᠡ ᠵᠢᠨ ᠬᠡᠪᠴᠢᠶ᠎ᠡ ᠪᠠ ᠭᠦᠨᠴᠡ ᠵᠢ ᠤᠯᠠᠮ ᠨᠢᠭᠡ ᠠᠯᠬᠤᠮ ᠥᠷᠭᠡᠳᠬᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ ᠵᠢ ᠪᠣᠳᠠᠲᠤ ᠲᠡᠶ᠋ᠢᠨ᠎ᠳᠤ ᠨᠠᠩ ᠰᠠᠶ᠋ᠢᠲᠤᠷ ᠦᠢ᠍ᠯᠡᠴᠢᠯᠡᠭᠦᠯᠵᠦ᠂ ᠥᠷᠭᠡᠨ ᠣᠯᠠᠨ ᠠᠷᠠᠳ ᠲᠦᠮᠡᠨ᠎ᠳᠤ ᠨᠠᠩ ᠰᠠᠶ᠋ᠢᠲᠤᠷ ᠦᠢ᠍ᠯᠡᠴᠢᠯᠡᠭᠦᠯᠦᠨ᠎ᠡ᠃

 

  

ᠢᠷᠡᠯᠲᠡ᠄ ᠬᠢᠩᠭ᠋ᠠᠨ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ