ᠦᠢᠯᠡᠴᠢᠯᠡᠭᠡ   -   ᠤᠬᠠᠭᠤᠯᠭ᠎ᠠ
ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 2024 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2024-08-22

    5 ᠳ᠋ᠤᠭ᠋ᠠᠷ ᠰᠠᠷ᠎ᠠ ᠵᠢᠨ 8᠎ᠤ ᠦᠳᠡ ᠵᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠤᠰᠢᠭᠤᠨ᠎ᠤ ᠨᠠᠮ᠎ᠤᠨ ᠬᠤᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠬᠤᠰᠢᠭᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ ᠵᠡᠷᠭᠡ᠎ᠠᠴᠠ ᠭᠤᠤᠯᠯᠠᠨ ᠡᠷᠭᠢᠯᠡᠭᠰᠡᠨ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠬᠦ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠵᠢᠱ᠌ᠢᠶ᠎ᠡ ᠦᠵᠡᠭᠦᠯᠬᠦ ᠣᠷᠣᠨ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ》᠎ᠪᠠᠷ ᠭᠤᠤᠯ ᠰᠡᠳᠦᠪ ᠪᠣᠯᠭ᠋ᠠᠭᠰᠠᠨ 2024 ᠣᠨ᠎ᠤ

《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

1.JPG  


    ᠠᠵᠢᠯᠯᠠᠭ᠎ᠠ ᠵᠢᠨ ᠠᠬᠤᠢ ᠳᠠᠯᠠᠪᠠᠢ᠎ᠳᠤ ᠬᠤᠰᠢᠭᠤᠨ᠎ᠤ ᠳᠣᠳᠣᠭ᠋ᠠᠳᠣ ᠵᠢ ᠬᠠᠮᠠᠭ᠋ᠠᠯᠠᠬᠤ ᠳᠣᠪᠴᠢᠶ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠮ᠎ᠤᠨ ᠦᠨᠳᠦᠰᠦᠳᠠᠨ᠎ᠤ ᠣᠨᠣᠯ ᠪᠠ ᠦᠨᠳᠦᠰᠦᠳᠡᠨ᠎ᠤ ᠳᠦᠷᠦ ᠵᠢᠨ ᠪᠣᠳᠣᠯᠭ᠎ᠠ ᠵᠢᠨ ᠣᠬᠠᠭᠤᠯᠭ᠎ᠠ ᠵᠢᠨ ᠳᠡᠪᠳᠡᠷ᠂ ᠣᠬᠠᠭᠤᠯᠭ᠎ᠠ ᠵᠢᠨ ᠬᠠᠭᠤᠳᠠᠰᠣ᠂ ᠣᠬᠠᠭᠤᠯᠭ᠎ᠠ ᠵᠢᠨ ᠮᠠᠲ᠋ᠧᠷᠢᠶᠠᠯ ᠪᠠ ᠳᠣᠬᠠᠢ ᠵᠢᠨ ᠳᠠᠯᠠᠪᠤᠷ᠎ᠲᠤ ᠳᠠᠶ᠋ᠢᠯᠣᠮᠵᠢ ᠬᠢᠬᠦ ᠵᠡᠷᠬᠡ ᠠᠷᠭ᠎ᠠ ᠠᠪᠴᠢᠯ ᠵᠶ᠋ᠠᠷ ᠳᠠᠮᠵᠢᠨ ᠣᠯᠠᠨ ᠳᠦᠮᠡᠨ᠎ᠳᠤ 《ᠪᠦᠬᠦᠳᠡ ᠨᠠᠶ᠋ᠢᠷᠠᠮᠳᠠᠬᠤ ᠳᠣᠮᠳᠠᠳᠣ ᠠᠷᠠᠳ ᠣᠯᠣᠰ᠎ᠤᠨ ᠦᠨᠳᠦᠰᠦᠨ ᠬᠠᠣᠯᠢ》᠂ 《ᠪᠦᠬᠦᠳᠡ ᠨᠠᠶ᠋ᠢᠷᠠᠮᠳᠠᠬᠤ ᠳᠣᠮᠳᠠᠳᠣ ᠠᠷᠠᠳ ᠣᠯᠣᠰ᠎ᠤᠨ ᠣᠯᠣᠰ᠎ᠤᠨ ᠨᠡᠶ᠋ᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠬᠠᠤᠯᠢ》᠂ 《ᠦᠪᠦᠷ ᠮᠣᠩᠭᠤᠯ᠎ᠤᠨ ᠦᠪᠡᠷᠳᠡᠬᠡᠨ ᠵᠠᠰᠠᠬᠤ ᠣᠷᠣᠨ᠎ᠤ ᠦᠨᠳᠦᠰᠦᠳᠡᠨ᠎ᠤ ᠪᠦᠯᠬᠦᠮᠳᠡᠯ ᠳᠠᠪᠰᠢᠯᠳᠠ ᠵᠢ ᠠᠬᠢᠭᠤᠯᠬᠤ ᠳᠦᠷᠢᠮ》 ᠵᠢᠴᠢ 《ᠪᠦᠬᠦᠳᠡ ᠨᠠᠶ᠋ᠢᠷᠠᠮᠳᠠᠬᠤ ᠳᠣᠮᠳᠠᠳᠣ ᠠᠷᠠᠳ ᠣᠯᠣᠰ᠎ᠤᠨ ᠬᠢᠯᠢ ᠵᠢᠨ ᠭᠠᠳᠠᠨᠠᠬᠢ ᠵᠠᠰᠠᠭ᠎ᠤᠨ ᠣᠷᠳᠣᠨ᠎ᠤ ᠪᠣᠰᠣ ᠵᠣᠬᠢᠶᠠᠨ ᠪᠠᠶ᠋ᠢᠭᠤᠯᠣᠯᠳᠠ ᠵᠢᠨ ᠬᠢᠯᠢ ᠵᠢᠨ ᠳᠣᠳᠣᠷᠠᠬᠢ ᠠᠵᠢᠯᠯᠠᠭ᠋ᠠᠨ᠎ᠤ ᠬᠠᠮᠢᠶᠠᠷᠣᠯᠳᠠ ᠵᠢᠨ ᠬᠠᠣᠯᠢ》 ᠵᠡᠷᠬᠡ ᠬᠠᠣᠯᠢ ᠳᠣᠭᠳᠠᠭ᠋ᠠᠯ᠎ᠢ ᠣᠬᠠᠭᠤᠯᠵᠦ᠂ ᠨᠠᠮ᠎ᠤᠨ ᠦᠨᠳᠦᠰᠦᠳᠡᠨ᠎ᠤ ᠳᠦᠷᠦ ᠵᠢᠨ ᠪᠣᠳᠣᠯᠭ᠎ᠠ ᠵᠢᠴᠢ ᠬᠠᠮᠢᠶ᠎ᠠ ᠪᠦᠬᠦᠢ ᠬᠠᠣᠯᠢ ᠴᠠᠭ᠋ᠠᠵᠠ ᠬᠠᠣᠯᠢ ᠳᠣᠭᠳᠠᠭ᠋ᠠᠯ᠎ᠢ ᠬᠦᠮᠦᠰ᠎ᠤᠨ ᠰᠡᠳᠬᠢᠯ᠎ᠳᠤ ᠬᠦᠨ ᠰᠠᠭᠤᠭᠳᠠᠭᠤᠯᠪᠠ; ᠳᠣᠳᠣᠭ᠋ᠠᠳᠣ ᠵᠢ ᠬᠠᠮᠠᠭ᠋ᠠᠯᠠᠬᠤ ᠪᠣᠳᠠᠳᠠᠢ ᠠᠵᠢᠯ᠎ᠲᠠᠢ᠎ᠪᠠᠨ ᠣᠶᠠᠯᠳᠣᠭᠤᠯᠣᠨ᠂ ᠭᠠᠵᠢᠭᠤ ᠨᠤᠮᠯᠠᠯ᠎ᠢ ᠡᠰᠡᠷᠭᠦᠴᠡᠬᠦ᠂ ᠮᠡᠭᠡᠯᠡᠯ᠎ᠢ ᠰᠡᠷᠬᠡᠶ᠋ᠢᠯᠡᠬᠦ᠂ ᠬᠤᠣᠷ ᠴᠠᠭ᠋ᠠᠵᠠᠯᠠᠬᠤ ᠠᠮᠣᠷ ᠳᠦᠪᠰᠢᠨ᠎ᠤ ᠣᠬᠠᠭᠤᠯᠭ᠎ᠠ ᠬᠦᠮᠦᠵᠢᠯ᠎ᠤᠨ ᠠᠵᠢᠯᠯᠠᠭ᠎ᠠ ᠦᠷᠨᠢᠬᠦᠯᠪᠡ᠃

3.JPG  


    ᠲᠣᠰ ᠤᠳᠠᠭ᠋ᠠᠨ᠎ᠤ ᠠᠵᠢᠯᠯᠠᠭ᠎ᠠ᠎ᠳᠤ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠳᠡᠪᠲᠡᠷ 52 ᠳᠡᠪᠲᠡᠷ᠂ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠮᠠᠲ᠋ᠧᠷᠢᠶᠠᠯ 300 ᠭᠠᠷᠤᠶ ᠬᠤᠪᠢ᠂ ᠤᠬᠠᠭᠤᠯᠭ᠎ᠠ ᠵᠢᠨ ᠮᠠᠲ᠋ᠧᠷᠢᠶᠠᠯ 100 ᠭᠠᠷᠤᠶ ᠬᠤᠪᠢ ᠲᠠᠷᠬᠠᠭ᠋ᠠᠪᠠ᠃

    ᠪᠠᠷᠠᠭᠤᠨ ᠦᠵᠦᠮᠦᠴᠢᠨ ᠬᠤᠰᠢᠭᠤᠨ᠎ᠤ ᠳᠣᠳᠣᠭ᠋ᠠᠳᠣ ᠵᠢ ᠬᠠᠮᠠᠭ᠋ᠠᠯᠠᠬᠤ ᠳᠣᠪᠴᠢᠶ᠎ᠠ᠎ᠨᠢ 《ᠦᠨᠳᠦᠰᠦᠳᠡᠨ᠎ᠤ ᠲᠦᠷᠦ ᠵᠢᠨ ᠪᠣᠳᠣᠯᠭ᠎ᠠ ᠵᠢᠨ ᠣᠬᠠᠭᠤᠯᠭ᠎ᠠ ᠵᠢᠨ ᠰᠠᠷ᠎ᠠ》᠂ 《ᠦᠨᠳᠦᠰᠦᠳᠡᠨ᠎ᠤ ᠬᠠᠣᠯᠢ᠎ᠪᠠᠷ ᠵᠠᠰᠠᠬᠤ ᠣᠬᠠᠭᠤᠯᠭ᠎ᠠ ᠵᠢᠨ ᠭᠠᠷᠠᠭ》᠎ᠲᠤ ᠳᠦᠰᠢᠭᠯᠡᠨ ᠣᠯᠠᠨ ᠬᠡᠯᠪᠡᠷᠢ ᠵᠢᠨ ᠦᠨᠳᠦᠰᠦᠳᠡᠨ᠎ᠤ ᠲᠦᠷᠦ ᠵᠢᠨ ᠪᠣᠳᠣᠯᠭ᠎ᠠ ᠵᠢᠨ ᠣᠬᠠᠭᠤᠯᠭ᠎ᠠ ᠵᠢᠨ ᠬᠦᠳᠡᠯᠬᠡᠬᠡᠨ᠎ᠢ ᠦᠷᠨᠢᠬᠦᠯᠵᠣ᠂ ᠣᠬᠠᠭᠤᠯᠭ᠎ᠠ ᠵᠢᠨ ᠬᠦᠴᠦᠯᠡᠴᠡ᠎ᠪᠠᠨ ᠳᠠᠰᠣᠷᠠᠯᠳᠠ ᠦᠬᠡᠢ ᠦᠷᠬᠡᠳᠬᠡᠵᠣ᠂ ᠳᠣᠮᠳᠠᠳᠣ ᠵᠢᠨ ᠦᠨᠳᠦᠰᠦᠳᠡᠨ᠎ᠤ ᠬᠠᠮᠳᠣ ᠵᠢᠨ ᠴᠣᠭᠴᠠ ᠵᠢᠨ ᠦᠯᠢᠬᠡᠷ ᠵᠢ ᠰᠠᠶ᠋ᠢᠳᠣᠷ ᠶᠠᠷᠢᠵᠣ᠂ ᠨᠠᠮ᠎ᠤᠨ ᠦᠨᠳᠦᠰᠦᠳᠡᠨ᠎ᠤ ᠣᠨᠣᠯ ᠪᠣᠯᠣᠨ ᠲᠦᠷᠦ ᠵᠢᠨ ᠪᠣᠳᠣᠯᠭ᠎ᠠ ᠵᠢ 《ᠡᠭᠡᠯ ᠠᠷᠠᠳ᠎ᠤᠨ ᠭᠡᠷ᠎ᠲᠤ ᠬᠦᠷᠴᠦ》᠂ ᠡᠯ᠎ᠡ ᠦᠨᠳᠦᠰᠦᠳᠡᠨ᠎ᠤ ᠠᠷᠠᠳ ᠲᠦᠮᠡᠨ᠎ᠤ ᠰᠡᠳᠬᠢᠯ᠎ᠳᠤ ᠬᠦᠨᠵᠡᠬᠡᠶ᠋ᠢᠷᠡᠵᠣ᠂ ᠳᠣᠮᠳᠠᠳᠣ ᠵᠢᠨ ᠦᠨᠳᠦᠰᠦᠳᠡᠨ᠎ᠤ ᠬᠠᠮᠳᠦ ᠵᠢᠨ ᠴᠣᠭᠴᠠ ᠵᠢᠨ ᠣᠬᠠᠮᠰᠠᠷ᠎ᠢ ᠪᠠᠳᠣ ᠪᠠᠬᠢ ᠪᠣᠢ ᠪᠣᠯᠭ᠋ᠠᠬᠤ ᠱᠠᠭ᠋ᠠᠷᠳᠠᠯᠭ᠎ᠠ ᠵᠢ ᠪᠣᠳᠠᠳᠠᠢ᠎ᠳᠤ ᠨᠠᠶ᠋ᠢᠳᠠᠪᠣᠷᠢᠵᠢᠭᠤᠯᠣᠨ᠎ᠠ᠃

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ