ᠰᠢᠯᠤᠭᠤᠨ ᠬᠥᠬᠡ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠦᠨᠳᠦᠰᠦᠲᠡᠨ᠎ᠤ ᠰᠣᠶᠣᠯ᠎ᠤᠨ ᠣᠨᠴᠠᠯᠢᠭ᠎ᠢ ᠦᠨᠳᠦᠰᠦᠯᠡᠵᠦ᠂ 《ᠰᠢᠷ᠎ᠠ ᠲᠠᠯ᠎ᠠ ᠵᠢᠨ ᠵᠤᠨ》 ᠤᠷᠠᠨ ᠰᠠᠢ᠌ᠬᠠᠨ᠎ᠤ ᠲᠣᠭᠯᠠᠯᠲᠠ ᠵᠢᠨ ᠠᠬᠤᠢ ᠲᠠᠯᠠᠪᠠᠶ᠎ᠳᠤ ᠠᠷᠠᠳ᠎ᠤᠨ ᠴᠠᠭᠳᠠᠭ᠎ᠠ ᠵᠢ ᠵᠣᠬᠢᠶᠠᠨ ᠪᠠᠢ᠌ᠭᠤᠯᠵᠤ ᠭᠠᠵᠢᠭᠤ ᠨᠣᠮᠯᠠᠯ᠎ᠢ ᠡᠰᠡᠷᠭᠦᠴᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃

ᠠᠷᠠᠳ᠎ᠤᠨ ᠴᠠᠭᠳᠠᠭ᠎ᠠ ᠨᠠᠷ ᠭᠠᠵᠢᠭᠤ ᠨᠣᠮᠯᠠᠯ᠎ᠢ ᠡᠰᠡᠷᠭᠦᠴᠡᠬᠦ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ ᠵᠢᠨ ᠬᠠᠮᠲᠤ ᠦᠰᠦᠭ ᠵᠢᠷᠤᠭ᠎ᠤᠨ ᠲᠠᠢ᠌ᠯᠪᠤᠷᠢ᠎ᠪᠠᠷ ᠠᠬᠤᠢ ᠲᠠᠯᠠᠪᠠᠢ᠎ᠳᠤ ᠪᠠᠢ᠌ᠭᠰᠠᠨ ᠡᠯ᠎ᠡ ᠠᠵᠢᠯ ᠲᠥᠷᠥᠯ᠎ᠤᠨ ᠠᠵᠢᠯᠲᠠᠨ ᠵᠢᠴᠢ ᠣᠯᠠᠨ ᠲᠦᠮᠡᠨ᠎ᠳᠤ ᠭᠠᠵᠢᠭᠤ ᠨᠣᠮᠯᠠᠯ᠎ᠢ ᠡᠰᠡᠷᠭᠦᠴᠡᠬᠦ ᠮᠡᠳᠡᠯᠭᠡ ᠪᠠ ᠪᠦᠲᠦᠮᠵᠢ᠎ᠲᠠᠢ ᠠᠷᠭ᠋ᠠᠴᠠᠬᠤ ᠠᠷᠭ᠎ᠠ ᠪᠠᠷᠢᠯ᠎ᠢ ᠨᠠᠷᠢᠨ ᠲᠠᠨᠢᠯᠴᠠᠭᠤᠯᠤᠭᠰᠠᠨ ᠪᠠᠢ᠌ᠨ᠎ᠠ᠃ ᠡᠭᠦᠨ᠎ᠤ ᠬᠠᠮᠲᠤ᠂ ᠭᠠᠵᠢᠭᠤ ᠨᠣᠮᠯᠠᠯ᠎ᠲᠠᠢ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠰᠦᠪᠡᠭᠴᠢ ᠵᠢ ᠢᠳᠡᠪᠬᠢᠲᠡᠶ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠵᠤ᠂ ᠣᠯᠠᠨ ᠲᠥᠮᠡᠨ᠎ᠤ ᠭᠠᠵᠢᠭᠤ ᠨᠣᠮᠯᠠᠯ᠎ᠢ ᠡᠰᠡᠷᠭᠦᠴᠡᠨ ᠬᠣᠷᠢᠭᠯᠠᠬᠤ ᠢᠲᠡᠭᠡᠯ ᠵᠣᠷᠢᠭ ᠪᠠ ᠡᠷᠴᠢ ᠬᠦᠴᠦᠨ᠎ᠢ ᠳᠠᠢ᠌ᠴᠢᠯᠠᠨ᠂ ᠪᠥᠬᠥ ᠠᠷᠠᠳ ᠵᠶ᠋ᠠᠷ ᠵᠶ᠋ᠠᠨ ᠭᠠᠵᠢᠭᠤ ᠨᠣᠮᠯᠠᠯ᠎ᠢ ᠡᠰᠡᠷᠭᠦᠴᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠤᠯᠭ᠋ᠠᠬᠰᠠᠨ ᠪᠠᠢ᠌ᠨ᠎ᠠ᠃

ᠲᠣᠰ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠭᠠᠵᠢᠭᠤ ᠨᠣᠮᠯᠠᠯ᠎ᠤᠨ ᠬᠤᠤᠷ ᠬᠦᠨᠦᠭᠡᠯ᠎ᠢ ᠮᠡᠳᠡᠷᠡᠭᠦᠯᠵᠦ᠂ ᠣᠶᠣᠨ ᠪᠣᠳᠣᠯ᠎ᠢ ᠲᠦᠭᠡᠷᠢᠭᠳᠡᠭᠦᠯᠦᠨ᠂ ᠤᠬᠠᠭ᠋ᠠᠨ ᠰᠠᠨᠠᠭ᠎ᠠ ᠵᠢ ᠮᠣᠩᠬᠠᠷᠡᠭᠤᠯᠳᠠᠭ ᠭᠠᠵᠢᠭᠤ ᠮᠥᠨ ᠴᠢᠨᠠᠷ᠎ᠢ᠎ᠨᠢ ᠰᠡᠷᠭᠡᠭ ᠵᠶ᠋ᠠᠷ ᠲᠠᠨᠢᠬᠤ ᠵᠢ ᠤᠬᠠᠭᠤᠯᠤᠨ ᠰᠤᠷᠲᠠᠯᠴᠢᠯᠠᠵᠤ᠂ ᠭᠠᠵᠢᠭᠤ ᠨᠣᠮᠯᠠᠯ᠎ᠢ ᠢᠯᠭ᠋ᠠᠨ ᠲᠠᠨᠢᠬᠤ ᠴᠢᠳᠠᠪᠤᠷᠢ ᠪᠠ ᠬᠢᠷᠢ ᠲᠦᠪᠰᠢᠨ᠎ᠢ᠎ᠨᠢ ᠳᠡᠭᠡᠭᠰᠢᠯᠡᠬᠦᠯᠦᠭᠰᠡᠨ ᠪᠠᠢ᠌ᠨ᠎ᠠ᠃

ᠭᠠᠵᠢᠭᠤ ᠨᠣᠮᠯᠠᠯ᠎ᠢ ᠡᠰᠡᠷᠭᠦᠴᠡᠬᠦ ᠪᠣᠯ ᠨᠢᠭᠡᠨ ᠳᠠᠭ᠋ᠠᠭ᠋ᠠᠮᠠᠭ᠋ᠠᠢ ᠪᠥᠭᠡᠳ ᠬᠠᠲᠠᠭᠤ ᠪᠡᠷᠬᠡ ᠠᠵᠢᠯ ᠶᠣᠮ᠂ ᠪᠦᠬᠦ ᠨᠡᠢ᠌ᠭᠡᠮ᠎ᠤᠨ ᠬᠠᠮᠲᠤ ᠵᠢᠨ ᠣᠷᠣᠯᠴᠠᠯᠭ᠎ᠠ ᠪᠠ ᠴᠢᠷᠮᠠᠢ᠌ᠯᠭ᠎ᠠ᠎ᠳᠤ ᠲᠦᠰᠢᠭᠯᠡᠨ᠎ᠡ᠃ ᠳᠠᠷᠠᠭ᠎ᠠ ᠠᠯᠬᠤᠮ᠂ ᠰᠢᠯᠤᠭᠤᠨ ᠬᠥᠬᠡ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠤᠯᠤᠰ ᠲᠥᠷᠥ ᠵᠢᠨ ᠠᠮᠤᠷ ᠲᠦᠪᠰᠢᠨ᠎ᠳᠤ ᠬᠠᠮᠠᠭ᠋ᠠᠯᠠᠬᠤ ᠶᠡᠬᠡ ᠠᠩᠭᠢ᠎ᠨᠢ ᠨᠠᠩ ᠣᠯᠠᠨ ᠠᠷᠭ᠎ᠠ ᠬᠡᠯᠪᠡᠷᠢ ᠵᠢ ᠠᠰᠢᠬᠯᠠᠨ ᠭᠠᠵᠢᠭᠤ ᠨᠣᠮᠯᠠᠯ᠎ᠢ ᠡᠰᠡᠷᠭᠦᠴᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭ᠋ᠠᠨ᠎ᠢ ᠡᠷᠬᠢᠮᠯᠡᠬᠦ᠂ ᠭᠠᠵᠢᠭᠤ ᠨᠣᠮᠯᠠᠯ᠎ᠢ ᠡᠰᠡᠷᠭᠦᠴᠡᠬᠦ ᠰᠠᠢ᠌ᠨ ᠰᠠᠢ᠌ᠬᠠᠨ ᠬᠡᠪ ᠰᠤᠷᠲᠠᠯ᠎ᠢ ᠪᠣᠢ ᠪᠣᠯᠭ᠋ᠠᠬᠤ᠎ᠪᠠᠷ ᠴᠢᠷᠮᠠᠢ᠌ᠨ᠎ᠠ᠃