ᠦᠢᠯᠡᠴᠢᠯᠡᠭᠡ   -   ᠤᠬᠠᠭᠤᠯᠭ᠎ᠠ
ᠵᠠᠯᠠᠶ᠋ᠢᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠎ᠠ ᠵᠢᠨ ᠶᠡᠬᠡ ᠠᠩᠭᠢ ᠰᠦᠷᠳᠡᠭᠦᠯᠦᠯ᠎ᠢ ᠡᠰᠡᠷᠭᠦᠴᠡᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-09-11

      2024 ᠣᠨ᠎ᠤ 8 ᠰᠠᠷ᠎ᠠ᠎ᠳᠤ ᠵᠠᠯᠠᠶ᠋ᠢᠳ ᠬᠣᠰᠢᠭᠤᠨ᠎ᠤ 《ᠪᠤᠬ᠎ᠠ ᠲᠡᠷᠭᠡᠨ᠎ᠤ ᠳᠠᠭᠤᠤ ᠬᠥᠭᠵᠢᠮ᠎ᠤᠨ ᠨᠠᠶ᠋ᠢᠷ》  ᠦᠪᠡᠳᠡᠭᠰᠢ ᠶᠡᠬᠡ᠎ᠪᠠᠷ ᠡᠬᠢᠯᠡᠪᠡ᠃ ᠬᠢᠩᠭ᠋ᠠᠨ ᠠᠢ᠌ᠮᠠᠭ᠎ᠤᠨ ᠵᠠᠯᠠᠶ᠋ᠢᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ ᠣᠨᠴᠠ ᠲᠥᠷᠥᠯ᠎ᠤᠨ ᠴᠠᠭᠳᠠᠭ᠎ᠠ ᠵᠢᠨ ᠶᠡᠬᠡ ᠠᠩᠭᠢ ᠵᠢᠨ᠎ᠬᠢᠨ 《ᠪᠤᠬ᠎ᠠ ᠲᠡᠷᠭᠡᠨ᠎ᠤ  ᠳᠠᠭᠤᠤ ᠬᠥᠭᠵᠢᠮ᠎ᠤᠨ ᠨᠠᠶ᠋ᠢᠷ》᠎ᠤᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ 《ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ》᠎ᠪᠠᠷ ᠭᠠᠷᠳᠠᠴᠠ ᠪᠣᠯᠭ᠋ᠠᠵᠤ᠂ ᠲᠤᠬᠠᠶ ᠵᠢᠨ ᠲᠠᠯᠠᠪᠤᠷ᠎ᠲᠤ ᠰᠦᠷᠳᠡᠭᠦᠯᠦᠯ᠎ᠢ ᠡᠰᠡᠷᠭᠦᠴᠡᠬᠦ ᠤᠬᠠᠭᠤᠯᠭ᠎ᠠ ᠵᠢᠨ ᠰᠢᠷᠢᠰ ᠠᠵᠢᠯᠯᠠᠭ᠎ᠠ ᠵᠢ ᠥᠷᠨᠢᠭᠦᠯᠪᠡ᠃

1.jpg


      ᠤᠬᠠᠭᠤᠯᠭ᠎ᠠ ᠵᠢᠨ ᠠᠵᠢᠯᠯᠠᠭ᠎ᠠ ᠵᠢᠨ ᠬᠤᠭᠤᠴᠠᠭ᠋ᠠᠨ᠎ᠳᠤ᠂ ᠠᠷᠠᠳ᠎ᠤᠨ ᠴᠠᠭᠳᠠᠭ᠎ᠠ ᠰᠦᠷᠳᠡᠭᠦᠯᠬᠦ ᠡᠲᠡᠭᠡᠳ᠂ ᠰᠦᠷᠳᠡᠭᠦᠯᠦᠯ᠎ᠤᠨ ᠲᠠᠭ᠋ᠠᠷᠢᠯᠲᠠ ᠵᠢᠨ ᠠᠷᠭ᠎ᠠ ᠪᠠᠷᠢᠯ᠎ᠢ ᠬᠡᠷᠬᠢᠨ ᠢᠯᠭ᠋ᠠᠨ ᠲᠠᠨᠢᠬᠤ᠂ ᠰᠦᠷᠳᠡᠭᠦᠯᠦᠯ᠎ᠤᠨ ᠲᠠᠭ᠋ᠠᠷᠢᠯᠲᠠ᠎ᠳᠤ ᠤᠴᠠᠷᠠᠪᠠᠯ ᠠᠷᠭ᠋ᠠᠴᠠᠬᠤ ᠠᠷᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠰᠢᠢ᠍ᠳᠪᠦᠷᠢᠯᠡᠯᠲᠡ᠎ᠳᠤ ᠬᠡᠷᠬᠢᠨ ᠬᠠᠮᠵᠢᠯᠴᠠᠬᠤ ᠵᠢᠴᠢ ᠥᠪᠡᠷ᠎ᠤᠨ ᠠᠮᠤᠷ ᠲᠦᠪᠰᠢᠨ ᠵᠶ᠋ᠠᠨ ᠬᠡᠷᠬᠢᠨ ᠰᠠᠶ᠋ᠢᠲᠤᠷ ᠬᠠᠮᠠᠭ᠋ᠠᠯᠠᠬᠤ ᠵᠡᠷᠭᠡ ᠮᠡᠳᠡᠯᠭᠡ ᠵᠢ ᠨᠠᠷᠢᠨ ᠲᠠᠶ᠋ᠢᠯᠪᠤᠷᠢᠯᠠᠪᠠ᠃

2.jpg


      ᠳᠠᠷᠠᠭ᠋ᠠᠴᠢ ᠵᠢᠨ ᠠᠯᠬᠤᠮ᠎ᠳᠤ᠂ ᠵᠠᠯᠠᠶ᠋ᠢᠳ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ  ᠲᠤᠪᠴᠢᠶ᠎ᠠ ᠵᠢᠨ ᠰᠦᠷᠳᠡᠭᠦᠯᠦᠯ᠎ᠢ ᠡᠰᠡᠷᠭᠦᠴᠡᠬᠦ ᠪᠠ  ᠣᠨᠴᠠ ᠲᠥᠷᠥᠯ᠎ᠤᠨ ᠴᠠᠭᠳᠠᠭ᠎ᠠ ᠵᠢᠨ ᠶᠡᠬᠡ ᠠᠩᠬᠢ ᠵᠢᠨ᠎ᠬᠢᠨ ᠰᠦᠷᠳᠡᠭᠦᠯᠦᠯ᠎ᠢ ᠡᠰᠡᠷᠭᠦᠴᠡᠬᠦ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠰᠦᠷᠳᠡᠭᠦᠯᠦᠯ᠎ᠢ ᠡᠰᠡᠷᠭᠦᠴᠡᠬᠦ ᠰᠡᠷᠭᠡᠶ᠋ᠢᠯᠡᠯᠲᠡ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠦᠨᠡᠨ ᠬᠦ᠌ ᠪᠡᠬᠢᠵᠢᠭᠦᠯᠬᠦ᠎ᠳᠤ ᠪᠠᠲᠤ ᠪᠡᠬᠢ  ᠰᠠᠭᠤᠷᠢ ᠵᠢ ᠲᠠᠯᠪᠢᠨ᠎ᠠ᠃

ᠢᠷᠡᠯᠲᠡ᠄ ᠬᠢᠩᠭ᠋ᠠᠨ ᠠᠢ᠌ᠮᠠᠭ᠎ᠤᠨ ᠳᠣᠲᠤᠭ᠋ᠠᠳᠤ ᠵᠢ ᠬᠠᠮᠠᠭ᠋ᠠᠯᠠᠬᠤ ᠲᠤᠪᠴᠢᠶ᠎ᠠ