ᠦᠢᠯᠡᠴᠢᠯᠡᠭᠡ   -   ᠤᠬᠠᠭᠤᠯᠭ᠎ᠠ
ᠴᠢᠭᠤᠯᠭ᠋ᠠᠨ ᠲᠤᠮᠢᠯᠠᠭᠰᠠᠨ ᠰᠠᠯᠪᠤᠷᠢ ᠵᠢᠨ᠎ᠬᠢᠨ ᠬᠠᠷ᠎ᠠ ᠪᠦᠯᠦᠭᠳᠡᠨ ᠬᠠᠷᠬᠢᠰ ᠬᠦᠴᠦᠨ ᠠᠷᠢᠯᠭ᠋ᠠᠬᠤ ᠵᠠᠷᠯᠠᠯ ᠨᠠᠭ᠋ᠠᠵᠤ ᠤᠯᠠᠨ᠎ᠳᠤ ᠤᠬᠠᠭᠤᠯᠪᠠ
ᠨᠡᠶ᠋ᠢᠲᠡᠯᠡᠭᠰᠡᠨ ᠴᠠᠭ᠄ 2024-09-24

    ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠵᠢ ᠪᠠᠶ᠋ᠢᠩᠭᠤ ᠵᠢᠨ ᠴᠢᠨᠠᠷ᠎ᠲᠠᠢ ᠠᠵᠢᠯ ᠪᠤᠯᠭ᠋ᠠᠬᠤ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠬᠤ᠂ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ᠎ᠳᠤ ᠬᠦᠴᠦᠳᠠᠢ ᠴᠤᠬᠢᠯᠳᠠ ᠥᠭᠬᠦ᠂ ᠤᠯᠠᠨ ᠲᠦᠮᠡᠨ᠎ᠢ ᠲᠠᠶ᠋ᠢᠴᠢᠯᠠᠨ ᠲᠤᠰ ᠠᠵᠢᠯ᠎ᠳᠤ ᠢᠳᠡᠪᠬᠢᠳᠠᠢ ᠤᠷᠤᠯᠴᠠᠭᠤᠯᠬᠤ ᠵᠢᠨ ᠲᠦᠯᠦᠭᠡ᠂  ᠰᠢᠯᠢ ᠵᠢᠨ ᠬᠤᠲᠠ ᠵᠢᠨ ᠴᠢᠭᠤᠯᠭ᠋ᠠᠨ ᠲᠤᠮᠢᠯᠠᠭᠰᠠᠨ ᠰᠠᠯᠪᠤᠷᠢ ᠵᠢᠨ᠎ᠬᠢᠨ ᠤᠶ᠋ᠢᠷ᠎ᠠ ᠵᠢᠨ ᠡᠳᠤᠷ ᠴᠠᠭᠳᠠᠭ᠎ᠠ ᠨᠠᠷ ᠵᠶ᠋ᠠᠨ ᠵᠤᠬᠢᠶᠠᠨ ᠪᠠᠶ᠋ᠢᠭᠤᠯᠵᠦ ᠬᠠᠷᠢᠶ᠎ᠠ ᠤᠷᠤᠨ ᠲᠤᠭᠤᠷᠢᠭ᠎ᠲᠤ᠎ᠪᠠᠨ ᠵᠠᠷᠯᠠᠯ ᠨᠡᠶ᠋ᠢᠳᠡᠯᠡᠵᠦ ᠤᠬᠠᠭᠤᠯᠤᠭᠰᠠᠨ ᠪᠠᠢ᠌ᠨ᠎ᠠ᠃

mmexport1726929397774.jpg


    ᠤᠬᠠᠭᠤᠯᠬᠤ ᠠᠵᠢᠯᠯᠠᠭ᠎ᠠ ᠵᠢᠨ ᠲᠤᠮᠳᠠ᠂ ᠴᠠᠭᠳᠠᠭ᠎ᠠ ᠨᠠᠷ ᠬᠦᠮᠤᠨ ᠤᠯᠠᠨ᠎ᠲᠠᠢ ᠬᠤᠳᠠᠯᠳᠤᠭ᠎ᠠ ᠬᠤᠷᠰᠢᠶ᠎ᠠ᠂ ᠵᠠᠬ᠎ᠠ ᠵᠡᠭᠡᠯᠢ᠎ᠪᠠᠷ ᠵᠠᠷᠯᠠᠯ ᠵᠶ᠋ᠠᠨ ᠨᠠᠭ᠋ᠠᠬᠤ ᠵᠢᠨ ᠲᠠᠭ᠋ᠠᠤ᠂ ᠡᠯ᠎ᠡ ᠨᠡᠶ᠋ᠢᠭᠡᠮ ᠲᠤᠭᠤᠷᠢᠭ᠎ᠤᠨ ᠴᠠᠭᠳᠠᠭ᠎ᠠ ᠨᠠᠷ ᠦᠪᠡᠷ ᠦᠪᠡᠷ᠎ᠤᠨ ᠬᠠᠷᠢᠶ᠎ᠠ ᠲᠤᠭᠤᠷᠢᠭ᠎ᠲᠤ᠎ᠪᠠᠨ ᠬᠦᠨᠵᠡᠭᠡᠶ᠋ᠢᠷᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭ᠋ᠠᠬᠤ ᠵᠢᠨ ᠬᠦᠨᠳᠦ ᠴᠢᠬᠤᠯᠠ ᠴᠢᠨᠠᠷ᠎ᠢ ᠪᠦᠬᠦ ᠲᠠᠯ᠎ᠠ᠎ᠪᠠᠷ ᠤᠬᠠᠭᠤᠯᠵᠤ᠂ ᠤᠯᠠᠨ ᠲᠦᠮᠡᠨ ᠪᠠ ᠨᠡᠶ᠋ᠢᠭᠡᠮ᠎ᠤᠨ ᠡᠯ᠎ᠡ ᠡᠳᠡᠭᠡᠳ᠎ᠢ ᠲᠤᠰ ᠲᠤᠰᠬᠠᠢ ᠠᠵᠢᠯᠯᠠᠭ᠎ᠠ᠎ᠳᠤ ᠢᠳᠡᠪᠬᠢᠳᠠᠢ ᠤᠷᠤᠯᠴᠠᠨ᠂ ᠬᠠᠷ᠎ᠠ ᠪᠦᠯᠦᠭᠳᠡᠨ ᠬᠠᠷᠭᠢᠰ ᠬᠦᠴᠦᠨ᠎ᠳᠤ ᠬᠤᠯᠪᠤᠭᠳᠠᠭᠰᠠᠨ ᠡᠯ᠎ᠡ ᠵᠦᠢ᠍ᠯ᠎ᠤᠨ ᠬᠠᠤᠯᠢ᠎ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠪᠠ 《ᠭᠠᠴᠠᠭ᠎ᠠ ᠲᠤᠰᠬᠤᠨ᠎ᠤ ᠡᠵᠡᠷᠬᠡᠭᠴᠢ》᠂ 《ᠠᠭᠤᠷᠬᠠᠢ ᠵᠢᠨ ᠡᠵᠡᠷᠭᠡᠭᠴᠢ》 ᠵᠡᠷᠭᠡ ᠠᠰᠠᠭᠤᠳᠠᠯ ᠢᠯᠡᠷᠡᠪᠡᠯ ᠵᠤᠷᠢᠭᠳᠠᠢ ᠢᠯᠡᠴᠢᠯᠡᠨ ᠮᠡᠳᠡᠬᠦᠯᠵᠦ᠂ ᠨᠡᠶ᠋ᠢᠭᠡᠮ᠎ᠤᠨ ᠠᠮᠤᠷ ᠲᠦᠪᠰᠢᠨ ᠪᠠ ᠡᠮᠬᠢ ᠲᠢᠭᠯᠢᠮ᠎ᠢ ᠬᠠᠮᠳᠤ᠎ᠪᠠᠷ ᠬᠠᠮᠠᠭ᠋ᠠᠯᠠᠵᠤ᠂ ᠢᠳᠡᠪᠬᠢᠳᠡᠢ ᠦᠭᠡᠳᠡᠯᠡᠨ ᠲᠠᠪᠰᠢᠬᠤ ᠨᠡᠶ᠋ᠢᠭᠡᠮ᠎ᠤᠨ ᠬᠡᠪ ᠰᠤᠷᠳᠠᠯ᠎ᠢ ᠬᠠᠮᠳᠤᠪᠠᠷ ᠴᠢᠷᠮᠠᠶ᠋ᠢᠨ ᠪᠤᠢ ᠪᠤᠯᠭ᠋ᠠᠵᠦ᠂ ᠠᠷᠠᠳ ᠴᠠᠭᠳᠠᠭ᠎ᠠ ᠬᠠᠮᠳᠤᠪᠠᠷ ᠤᠷᠤᠯᠴᠠᠵᠦ᠂ ᠬᠠᠮᠳᠤᠪᠠᠷ ᠵᠠᠰᠠᠬᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠪᠠ᠃
 mmexport1726929489222.jpg  


    ᠲᠤᠰ ᠤᠳᠠᠭ᠋ᠠᠨ᠎ᠤ ᠠᠵᠢᠯᠯᠠᠭ᠎ᠠ᠎ᠳᠤ 3 ᠡᠯᠬᠦᠭᠡ ᠪᠢᠴᠢᠭᠡᠰᠦ ᠬᠠᠳᠠᠬᠤ ᠵᠢᠨ ᠬᠠᠮᠳᠤ᠂ 150 ᠬᠤᠪᠢ ᠵᠠᠷᠯᠠᠯ ᠨᠠᠭ᠋ᠠᠭᠰᠠᠨ ᠪᠠᠶ᠋ᠢᠨ᠎ᠠ᠃ (ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠤᠶᠦᠨᠴᠢᠮᠡᠭ ᠮᠡᠳᠡᠭᠡᠯᠡᠪᠡ)

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ