9 ᠰᠠᠷ᠎ᠠ ᠵᠢᠨ 26 ᠤ ᠦᠳᠡ ᠵᠢᠨ ᠬᠣᠢ᠌ᠨ᠎ᠠ᠂ ᠰᠢᠯᠢ ᠵᠢᠨ ᠭᠣᠣᠯ ᠠᠶ᠋ᠢᠮᠠᠭ᠎ᠤᠨ ᠬᠥᠪᠡᠭᠡᠲᠦ ᠰᠢᠷ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠵᠢᠨ᠎ᠬᠢᠨ ᠬᠡᠦᠬᠡᠳ᠎ᠤᠨ ᠴᠡᠴᠡᠷᠯᠢᠭ᠎ᠤᠨ ᠪᠢᠴᠢᠬᠠᠨ ᠬᠡᠦᠬᠡᠳ᠎ᠢ ᠳᠠᠭ᠋ᠠᠭᠤᠯᠵᠤ 《ᠵᠠᠮ ᠬᠠᠷᠢᠯᠴᠠᠭ᠋ᠠᠨ᠎ᠤ ᠪᠢᠴᠢᠬᠠᠨ ᠴᠠᠭᠳᠠᠭ᠎ᠠ》 ᠪᠤᠯᠭ᠋ᠠᠵᠤ᠂ ᠪᠤᠯᠠᠭ ᠬᠦᠷᠢᠶᠡᠯᠡᠩ᠎ᠤᠨ ᠠᠭᠤᠳᠠᠮ ᠲᠠᠯᠠᠪᠠᠢ᠎ᠳᠤ 《ᠭᠠᠷ ᠭᠠᠷ ᠵᠶ᠋ᠠᠨ ᠬᠣᠯᠪᠣᠵᠤ᠂ ᠪᠣᠯᠪᠠᠰᠤᠨ ᠵᠠᠮ ᠬᠠᠷᠢᠯᠴᠠᠭᠠᠢ ᠬᠠᠮᠳᠦ᠎ᠪᠠᠷ ᠡᠭᠦᠳᠦᠶ᠎ᠡ》 ᠭᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠥᠪᠡᠷᠮᠢᠴᠡ ᠤᠨᠴᠠᠯᠢᠭ᠎ᠪᠠᠷ ᠰᠠᠭᠤᠭ᠋ᠠᠯᠢ ᠠᠷᠠᠳ ᠪᠣᠯᠣᠨ ᠰᠤᠷᠤᠭᠴᠢᠳ᠎ᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢ ᠤᠬᠠᠭᠤᠯᠵᠤ᠂ ᠲᠡᠳᠡᠨ᠎ᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠤᠬᠠᠮᠰᠠᠷ᠎ᠢ ᠴᠢᠩᠭ᠋ᠠᠳᠬᠠᠭᠰᠠᠨ ᠪᠠᠢ᠌ᠨ᠎ᠠ᠃

ᠲᠤᠬᠠᠢ ᠵᠢᠨ ᠲᠠᠯᠠᠪᠠᠶ᠎ᠳᠤ ᠠᠷᠠᠳ᠎ᠤᠨ ᠴᠠᠭᠳᠠᠭ᠎ᠠ᠎ᠠᠴᠠ 《ᠵᠠᠮ ᠬᠠᠷᠢᠯᠴᠠᠭ᠋ᠠᠨ᠎ᠤ ᠪᠢᠴᠢᠬᠠᠨ ᠴᠠᠭᠳᠠᠭ᠎ᠠ》 ᠨᠠᠷ᠎ᠲᠤ ᠵᠣᠭᠰᠣᠬᠤ᠂ ᠰᠢᠭᠤᠳ ᠶᠠᠪᠤᠬᠤ᠂ ᠲᠡᠷᠭᠡ ᠬᠥᠰᠬᠡ᠎ᠪᠠᠨ ᠵᠠᠮ ᠵᠢᠨ ᠬᠠᠵᠠᠭᠤ᠎ᠳᠤ ᠵᠤᠭᠰᠤᠭ᠋ᠠᠬᠤ ᠳᠣᠬᠢᠶ᠎ᠠ ᠵᠡᠷᠭᠡ ᠵᠠᠮ ᠬᠠᠷᠢᠯᠴᠠᠭ᠋ᠠᠨ᠎ᠤ ᠵᠢᠯᠣᠭᠣᠳᠤᠯᠭ᠎ᠠ ᠵᠢᠨ ᠳᠣᠬᠢᠶ᠎ᠠ ᠵᠢᠨ ᠲᠣᠭᠣᠷᠢᠨ᠎ᠳᠤ ᠪᠣᠯᠪᠠᠰᠤᠷᠠᠯ ᠬᠦᠷᠲᠡᠭᠡᠵᠦ᠂ 《ᠵᠠᠮ ᠬᠠᠷᠢᠯᠴᠠᠭ᠋ᠠᠨ᠎ᠤ ᠪᠢᠴᠢᠬᠠᠨ ᠴᠠᠭᠳᠠᠭ᠎ᠠ》 ᠨᠠᠷ᠎ᠲᠤ ᠨᠢᠭᠡᠳ ᠨᠢᠭᠡ᠎ᠪᠠᠷ ᠨᠠᠷᠢᠨ ᠲᠠᠢ᠌ᠯᠪᠤᠷᠢᠯᠠᠨ ᠦᠯᠢᠭᠡᠷ ᠵᠢᠱ᠌ᠢᠶ᠎ᠡ ᠦᠵᠡᠭᠦᠯᠵᠦ᠂ ᠵᠠᠮ ᠬᠠᠷᠢᠯᠴᠠᠭ᠋ᠠᠨ᠎ᠤ ᠳᠣᠬᠢᠶ᠎ᠠ ᠵᠢ ᠬᠡᠷᠬᠢᠨ ᠵᠢᠷᠤᠮᠵᠢᠭᠤᠯᠤᠨ ᠬᠡᠷᠡᠭᠯᠡᠬᠦ ᠵᠢ ᠵᠢᠭ᠋ᠠᠨ ᠵᠢᠯᠣᠭᠣᠳᠴᠠᠢ᠃ ᠣᠯᠠᠨ ᠵᠶ᠋ᠠᠷ ᠵᠶ᠋ᠠᠨ ᠬᠠᠷᠢᠯᠴᠠᠨ ᠪᠣᠯᠪᠠᠰᠤᠷᠠᠵᠤ ᠬᠠᠷᠢᠯᠴᠠᠨ ᠵᠠᠯᠠᠷᠠᠭᠤᠯᠵᠤ ᠭᠠᠷᠤᠨ ᠳᠣᠬᠢᠶ᠎ᠠ ᠵᠢ ᠮᠠᠰᠢ ᠲᠦᠷᠭᠡᠨ ᠵᠶ᠋ᠡᠷ ᠣᠢ᠌ᠯᠠᠭ᠋ᠠᠵᠤ ᠡᠵᠡᠮᠰᠢᠪᠡ᠃

ᠳᠠᠷᠠᠭ᠎ᠠ᠎ᠨᠢ ᠪᠢᠴᠢᠬᠠᠨ ᠨᠠᠢ᠌ᠵᠠ ᠨᠠᠷ᠎ᠲᠤ ᠴᠠᠭᠳᠠᠭ᠋ᠠᠨ᠎ᠤ ᠬᠤᠪᠴᠠᠰᠤ ᠡᠮᠦᠰᠬᠡᠨ ᠵᠡᠭᠡᠯᠢ᠎ᠳᠤ ᠭᠠᠷᠴᠤ᠂ ᠵᠢᠵᠢᠭᠦᠷᠯᠡᠵᠦ ᠪᠠᠢ᠌ᠭ᠎ᠠ ᠵᠠᠮ ᠬᠠᠷᠢᠯᠴᠠᠭ᠋ᠠᠨ᠎ᠤ ᠴᠠᠭᠳᠠᠭ᠎ᠠ ᠵᠢ ᠬᠠᠪᠰᠤᠷᠤᠨ ᠵᠠᠮ ᠬᠠᠷᠢᠯᠴᠠᠭ᠋ᠠᠨ᠎ᠤ ᠳᠥᠭᠥᠮ ᠵᠢᠯᠣᠭᠣᠳᠤᠯᠭ᠎ᠠ ᠬᠢᠵᠦ᠂ ᠪᠣᠯᠪᠠᠰᠤᠨ ᠪᠤᠰᠤ ᠵᠠᠮ ᠬᠠᠷᠢᠯᠴᠠᠭ᠋ᠠᠨ᠎ᠤ ᠠᠵᠢᠯᠯᠠᠭ᠎ᠠ ᠵᠢ ᠵᠠᠯᠠᠷᠠᠭᠤᠯᠤᠭᠰᠠᠨ ᠪᠠᠢ᠌ᠨ᠎ᠠ᠃ 《ᠵᠠᠮ ᠬᠠᠷᠢᠯᠴᠠᠭ᠋ᠠᠨ᠎ᠤ ᠪᠢᠴᠢᠬᠠᠨ ᠴᠠᠭᠳᠠᠭ᠎ᠠ》 ᠵᠢᠨ ᠵᠢᠭ᠋ᠠᠨ ᠵᠢᠯᠤᠤᠭᠤᠳᠤᠯᠭᠠᠪᠠᠷ᠂ ᠮᠣᠲ᠋ᠣᠷ ᠤᠨᠤᠭ᠋ᠠᠳ ᠠᠮᠤᠷ ᠲᠦᠪᠰᠢᠨ᠎ᠤ ᠳᠤᠭᠤᠯᠠᠭ᠎ᠠ ᠵᠡᠭᠦᠭᠰᠡᠨ ᠦᠭᠡᠢ ᠴᠥᠭᠡᠨ ᠪᠤᠰᠤ ᠵᠢᠯᠣᠭᠣᠴᠢ ᠨᠠᠷ ᠰᠠᠨᠠᠭ᠋ᠠᠴᠢᠯᠠᠭ᠎ᠠ᠎ᠠᠴᠠ᠎ᠪᠠᠨ ᠪᠤᠷᠤᠭᠤ᠎ᠪᠠᠨ ᠮᠡᠳᠡᠷᠡᠭᠰᠡᠨ ᠪᠥᠭᠡᠳ ᠴᠠᠭ ᠲᠤᠬᠠᠢᠳᠤᠨᠢ ᠵᠠᠯᠠᠷᠠᠭᠤᠯᠵᠤ᠂ ᠨᠠᠭ᠋ᠠᠰᠢ ᠴᠠᠭ᠋ᠠᠰᠢ ᠥᠩᠭᠡᠷᠡᠬᠦ ᠤᠯᠠᠨ ᠲᠦᠮᠡᠨ 《ᠵᠠᠮ ᠬᠠᠷᠢᠯᠴᠠᠭ᠋ᠠᠨ᠎ᠤ ᠪᠢᠴᠢᠬᠠᠨ ᠴᠠᠭᠳᠠᠭ᠎ᠠ》᠎ᠢ ᠮᠠᠭᠲᠠᠨ ᠰᠠᠢ᠌ᠰᠢᠶᠠᠪᠠ᠃

ᠲᠤᠰ ᠤᠳᠠᠭ᠋ᠠᠨ᠎ᠤ 《ᠵᠠᠮ ᠬᠠᠷᠢᠯᠴᠠᠭ᠋ᠠᠨ᠎ᠤ ᠪᠢᠴᠢᠬᠠᠨ ᠴᠠᠭᠳᠠᠭ᠎ᠠ》 ᠵᠢᠨ ᠪᠡᠶ᠎ᠡ᠎ᠪᠠᠷ ᠵᠶ᠋ᠡᠨ ᠤᠷᠤᠯᠴᠠᠬᠤ ᠮᠠᠶᠢᠭ᠎ᠤᠨ ᠤᠬᠠᠭᠤᠯᠬᠤ ᠠᠵᠢᠯᠯᠠᠭ᠎ᠠ᠎ᠨᠢ ᠬᠡᠦᠬᠡᠳ᠎ᠲᠤ 《ᠵᠠᠮ ᠬᠠᠷᠢᠯᠴᠠᠭ᠋ᠠᠨ᠎ᠤ ᠴᠠᠭᠳᠠᠭ᠎ᠠ》 ᠪᠣᠯᠬᠤ ᠬᠦᠰᠡᠯ᠎ᠢ᠎ᠨᠢ ᠪᠡᠶᠡᠯᠡᠭᠦᠯᠦᠭᠰᠡᠨ ᠵᠶ᠋ᠡᠷ ᠪᠠᠷᠠᠬᠤ ᠦᠭᠡᠢ᠂ ᠪᠠᠰᠠ ᠲᠡᠳᠡᠨ᠎ᠤ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ ᠵᠢᠨ ᠦᠵᠡᠯᠲᠡ ᠪᠠ ᠪᠦᠯᠬᠦᠮᠳᠡᠨ ᠬᠠᠪᠰᠤᠷᠤᠯᠴᠠᠬᠤ᠂ ᠵᠣᠪᠠᠭᠤᠷᠢ ᠵᠦᠳᠡᠭᠦᠷᠢ ᠵᠢ ᠲᠡᠰᠪᠦᠷᠢᠯᠡᠬᠦ ᠵᠣᠷᠢᠭ ᠰᠠᠨᠠᠭ᠎ᠠ ᠵᠢ ᠬᠥᠮᠥᠵᠢᠭᠦᠯᠦᠭᠰᠡᠨ ᠪᠠᠢ᠌ᠨ᠎ᠠ᠃ ᠡᠭᠦᠨ᠎ᠤ ᠬᠠᠮᠲᠤ᠂ ᠬᠡᠦᠬᠡᠳ ᠪᠣᠯᠣᠨ ᠭᠡᠷ᠎ᠤᠨ ᠠᠬᠠᠮᠠᠳ᠎ᠲᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠴᠢᠬᠤᠯᠠ ᠴᠢᠨᠠᠷ᠎ᠢ ᠲᠠᠨᠢᠭᠤᠯᠵᠤ᠂ ᠣᠯᠠᠨ ᠵᠦᠢ᠍ᠯ᠎ᠤᠨ ᠬᠡᠯᠪᠡᠷᠢ᠂ ᠣᠯᠠᠨ ᠲᠠᠰ ᠳᠠᠪᠬᠤᠷᠭ᠎ᠠ᠎ᠪᠠᠷ ᠬᠡᠦᠬᠡᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠣᠯᠪᠠᠰᠤᠨ ᠵᠠᠮ ᠬᠠᠷᠢᠯᠴᠠᠭ᠋ᠠᠨ᠎ᠤ ᠤᠬᠠᠮᠰᠠᠷ᠎ᠢ᠎ᠨᠢ ᠳᠡᠭᠡᠭᠰᠢᠯᠡᠭᠦᠯᠵᠦ᠂ ᠵᠥᠪ ᠣᠨᠣᠪᠴᠢᠲᠠᠶ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠦᠵᠡᠯᠲᠡ ᠵᠢ ᠪᠣᠶ ᠪᠣᠯᠭ᠋ᠠᠵᠤ᠂ ᠪᠣᠯᠪᠠᠰᠤᠨ ᠵᠠᠮ ᠬᠠᠷᠢᠯᠴᠠᠭ᠋ᠠᠨ᠎ᠤ ᠵᠠᠩ ᠳᠠᠳᠬᠠᠯ᠎ᠢ ᠪᠣᠶ ᠪᠣᠯᠭ᠋ᠠᠬᠤ ᠵᠢ ᠠᠬᠢᠭᠤᠯᠤᠨ᠂ ᠬᠡᠦᠬᠡᠳ᠎ᠲᠤ ᠠᠶᠠᠨᠳᠠᠭ᠋ᠠᠨ᠎ᠤ ᠳᠤᠮᠳᠠ ᠨᠢᠭᠡ ᠤᠳᠠᠭ᠋ᠠᠨ᠎ᠤ ᠴᠢᠨᠠᠷ ᠰᠠᠢ᠌ᠲᠠᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠥᠮᠦᠵᠢᠯ ᠬᠦᠷᠲᠡᠭᠡᠭᠰᠡᠨ ᠪᠠᠢ᠌ᠨ᠎ᠠ᠃