ᠥᠷᠭᠡᠨ ᠤᠯᠠᠨ ᠪᠠᠭᠰᠢ ᠰᠤᠷᠤᠭᠴᠢᠳ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠦᠵᠡᠯ ᠤᠬᠠᠮᠰᠠᠷ ᠪᠣᠯᠤᠨ ᠥᠪᠡᠷ᠎ᠢ᠎ᠪᠠᠨ ᠬᠠᠮᠠᠭ᠋ᠠᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠦᠨ᠂ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠦᠨᠡᠨ ᠬᠦ᠌ ᠴᠢᠩᠭ᠋ᠠᠳᠬᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠣᠯᠪᠣᠭᠳᠠᠬᠤ ᠵᠠᠮ ᠬᠠᠷᠢᠯᠴᠠᠭ᠋ᠠᠨ᠎ᠤ ᠡᠨᠳᠡᠯ ᠭᠠᠷᠬᠤ ᠵᠢ ᠪᠦᠲᠦᠮᠵᠢᠲᠡᠶ ᠰᠡᠷᠭᠡᠶ᠋ᠢᠯᠡᠬᠦ ᠪᠠ ᠪᠠᠭ᠋ᠠᠰᠬᠠᠬᠤ ᠵᠢᠨ ᠲᠤᠰᠠᠳᠠ᠂ 8 ᠰᠠᠷ᠎ᠠ ᠵᠢᠨ 28᠎ᠤ ᠡᠳᠦᠷ᠂ ᠰᠢᠯᠢ ᠵᠢᠨ ᠭᠣᠣᠯ ᠠᠢ᠌ᠮᠠᠭ᠎ᠤᠨ ᠠᠪᠠᠭ᠎ᠠ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠣᠶᠠᠳᠤᠭ᠋ᠠᠷ ᠪᠠᠭ᠎ᠠ ᠰᠤᠷᠭ᠋ᠠᠭᠤᠯᠢ᠎ᠳᠤ ᠬᠦᠷᠴᠦ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠭᠣᠤᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ ᠵᠢᠨ ᠳᠤᠮᠳᠠ᠂ ᠠᠷᠠᠳ᠎ᠤᠨ ᠴᠠᠭᠳᠠᠭ᠎ᠠ ᠨᠢᠭᠤᠷᠲᠠᠨ ᠬᠢᠴᠢᠶᠡᠯᠯᠡᠬᠦ᠎ᠪᠠᠷ ᠳᠠᠮᠵᠢᠭᠤᠯᠤᠨ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠠᠷᠭ᠎ᠠ ᠮᠠᠶᠢᠭ᠎ᠢ ᠤᠬᠠᠭᠤᠯᠵᠤ᠂ ᠬᠢᠯᠪᠠᠷ ᠣᠶ᠋ᠢᠯᠠᠭ᠋ᠠᠮᠵᠢᠲᠠᠶ ᠦᠭᠡ ᠬᠡᠯᠡ᠎ᠪᠠᠷ ᠪᠠᠶ᠋ᠢᠩᠭᠤ ᠲᠣᠬᠢᠶᠠᠯᠳᠤᠬᠤ ᠵᠠᠮ ᠬᠠᠷᠢᠯᠴᠠᠭ᠋ᠠᠨ᠎ᠤ ᠲᠡᠮᠳᠡᠭ᠎ᠤᠨ ᠲᠥᠷᠥᠯ ᠵᠦᠢ᠍ᠯ ᠵᠢᠴᠢ ᠦᠢ᠍ᠯᠡᠳᠦᠯ᠎ᠢ ᠭᠦᠨᠵᠡᠭᠡᠶ ᠪᠥᠭᠡᠳ ᠣᠶ᠋ᠢᠯᠠᠭ᠋ᠠᠮᠵᠢᠲᠠᠶ᠎ᠪᠠᠷ ᠲᠠᠨᠢᠯᠴᠠᠭᠤᠯᠵᠤ᠂ ᠬᠠᠷᠢᠶᠠᠲᠤ ᠣᠷᠣᠨ᠎ᠳᠤ ᠡᠭᠦᠰᠦᠭᠰᠡᠨ ᠵᠠᠮ ᠬᠠᠷᠢᠯᠴᠠᠭ᠋ᠠᠨ᠎ᠤ ᠡᠨᠳᠡᠯ ᠬᠡᠷᠡᠭ᠎ᠤᠨ ᠨᠡᠶ᠋ᠢᠲᠡᠯᠢᠭ ᠬᠡᠷᠡᠭ᠎ᠤᠨ ᠰᠢᠯᠲᠠᠭ᠋ᠠᠨ᠎ᠢ ᠨᠠᠷᠢᠨ ᠵᠠᠳᠠᠯᠵᠤ᠂ ᠰᠤᠷᠤᠭᠴᠢᠳ᠎ᠤᠨ ᠰᠤᠷᠭ᠋ᠠᠭᠤᠯᠢ᠎ᠳᠤ ᠰᠤᠷᠤᠯᠴᠠᠵᠤ ᠪᠠᠶ᠋ᠢᠬᠤ ᠬᠤᠭᠤᠴᠠᠭ᠋ᠠᠨ᠎ᠳᠤ ᠵᠠᠮ ᠶᠠᠪᠤᠵᠤ ᠲᠣᠭᠯᠠᠭ᠋ᠠᠮ ᠨᠠᠭ᠋ᠠᠳᠬᠤ᠂ ᠵᠠᠮ᠎ᠢ ᠳᠤᠷ᠎ᠠ᠎ᠪᠠᠷ ᠵᠶ᠋ᠠᠨ ᠬᠥᠨᠳᠡᠯᠡᠨ ᠭᠡᠲᠦᠯᠬᠦ ᠪᠠᠶ᠋ᠢᠳᠠᠯ ᠣᠷᠣᠰᠢᠵᠤ ᠪᠠᠶ᠋ᠢᠬᠤ᠂ ᠬᠠᠤᠯᠢ᠎ᠳᠤ ᠲᠣᠭᠲᠠᠭ᠋ᠠᠭᠰᠠᠨ ᠨᠠᠰᠤᠨ᠎ᠳᠤ ᠬᠦᠷᠦᠭᠡᠳᠦᠢ᠎ᠪᠠᠷ ᠳᠤᠭᠤᠢ ᠲᠡᠷᠭᠡ᠂ ᠴᠠᠬᠢᠯᠭ᠋ᠠᠨ ᠬᠥᠳᠡᠯᠭᠡᠭᠦᠷᠲᠦ ᠲᠡᠷᠭᠡ ᠤᠨᠤᠬᠤ ᠵᠡᠷᠭᠡ ᠵᠠᠮ ᠬᠠᠷᠢᠯᠴᠠᠭ᠋ᠠᠨ᠎ᠤ ᠪᠤᠯᠬᠢ ᠳᠠᠳᠬᠠᠯ᠎ᠤᠨ ᠬᠣᠣᠷ ᠬᠥᠨᠥᠭᠡᠯ᠎ᠢ ᠨᠠᠷᠢᠨ ᠬᠢᠨᠠᠮᠠᠭ᠋ᠠᠶ ᠲᠠᠶ᠋ᠢᠯᠪᠤᠷᠢᠯᠠᠬᠤ ᠵᠢᠨ ᠬᠠᠮᠲᠤ᠂ ᠰᠤᠷᠭ᠋ᠠᠭᠤᠯᠢ ᠵᠢᠨ ᠬᠦᠷᠢᠶᠡᠨ᠎ᠤ ᠡᠷᠬᠢᠨ ᠲᠣᠭᠣᠷᠢᠨ᠎ᠤ ᠵᠠᠮ ᠬᠠᠷᠢᠯᠴᠠᠭ᠋ᠠᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠰᠤᠷᠤᠭᠴᠢᠳ᠎ᠢ ᠵᠠᠮ ᠬᠠᠷᠢᠯᠴᠠᠭ᠋ᠠᠨ᠎ᠤ ᠲᠦᠷᠢᠮ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠵᠠᠮ ᠬᠠᠷᠢᠯᠴᠠᠭ᠋ᠠᠨ᠎ᠤ ᠪᠤᠯᠬᠢ ᠳᠠᠳᠬᠠᠯ᠎ᠢ ᠲᠠᠶᠠᠭᠳᠠᠵᠤ᠂ 《ᠲᠣᠯᠣᠭ᠋ᠠᠢ ᠪᠥᠬᠥᠢ᠌ᠨ ᠶᠠᠪᠤᠬᠤ》 ᠪᠠ 《ᠭᠡᠨᠡᠳᠲᠡ᠎ᠪᠠᠷ ᠭᠠᠷᠴᠤ ᠢᠷᠡᠬᠦ》 ᠵᠡᠷᠭᠡ ᠠᠶᠤᠯᠲᠠᠢ ᠵᠠᠮ ᠬᠠᠷᠢᠯᠴᠠᠭ᠋ᠠᠨ᠎ᠤ ᠠᠵᠢᠯᠯᠠᠭ᠎ᠠ ᠵᠢ ᠦᠯᠦ ᠬᠢᠯᠭᠡᠵᠦ᠂ ᠪᠠᠶᠠᠷ ᠬᠦᠷ᠎ᠲᠠᠢ᠎ᠪᠠᠷ ᠰᠤᠷᠭ᠋ᠠᠭᠤᠯᠢ᠎ᠳᠤ ᠰᠠᠭᠤᠬᠤ᠂ ᠠᠮᠤᠷ ᠲᠦᠪᠰᠢᠨ ᠵᠶ᠋ᠠᠷ ᠭᠡᠷ᠎ᠲᠡᠭᠡᠨ ᠬᠠᠷᠢᠬᠤ ᠵᠢ ᠪᠠᠲᠤᠯᠠᠬᠤ ᠬᠡᠷᠡᠭᠲᠡᠢ ᠭᠡᠵᠡᠢ ᠬᠦᠳᠦᠯᠦᠨ ᠵᠢᠯᠣᠭᠣᠳᠪᠠ᠃ ᠠᠷᠠᠳ᠎ᠤᠨ ᠴᠠᠭᠳᠠᠭ᠎ᠠ ᠪᠠᠰᠠ ᠬᠡᠷ ᠪᠦᠯᠢ ᠵᠢᠨ ᠤᠬᠠᠭᠤᠯᠤᠭᠴᠢ ᠪᠣᠯᠵᠣ᠂ ᠬᠡᠷ᠎ᠤᠨ ᠠᠬᠠᠮᠠᠳ ᠵᠶ᠋ᠠᠨ ᠳᠠᠶ᠋ᠢᠴᠢᠯᠠᠨ ᠪᠣᠯᠪᠠᠰᠤᠨ ᠵᠠᠮ ᠬᠠᠷᠢᠯᠴᠠᠭ᠎ᠠ ᠵᠢ ᠬᠠᠮᠲᠤ᠎ᠪᠠᠷ ᠦᠢ᠍ᠯᠡᠳᠦᠯᠭᠡᠵᠢᠭᠦᠯᠵᠦ᠂ ᠬᠡᠷ ᠪᠦᠯᠢ᠎ᠪᠠᠷ ᠨᠡᠶ᠋ᠢᠭᠡᠮ᠎ᠢ ᠳᠠᠶ᠋ᠢᠴᠢᠯᠠᠨ᠂ ᠪᠣᠯᠪᠠᠰᠤᠨ ᠵᠠᠮ ᠬᠠᠷᠢᠯᠴᠠᠭ᠎ᠠ᠎ᠳᠤ ᠬᠠᠮᠲᠤ᠎ᠪᠠᠷ ᠣᠷᠣᠯᠴᠠᠵᠤ᠂ ᠠᠮᠤᠷ ᠲᠦᠪᠰᠢᠨ᠎ᠤ ᠤᠬᠠᠭᠤᠯᠭ᠎ᠠ ᠵᠢᠨ ᠦᠷ᠎ᠡ ᠪᠦᠲᠦᠮᠵᠢ ᠪᠠ ᠨᠡᠶ᠋ᠢᠭᠡᠮ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠣᠯᠠᠨ᠎ᠳᠤ ᠬᠠᠯᠠᠭᠤᠨ ᠵᠶ᠋ᠠᠷ ᠰᠠᠨᠠᠭᠤᠯᠪᠠ᠃

ᠡᠨᠡ ᠤᠳᠠᠭ᠎ᠠ ᠵᠢᠨ ᠠᠵᠢᠯᠯᠠᠭ᠎ᠠ᠎ᠳᠤ᠂ ᠰᠤᠷᠤᠯᠭ᠎ᠠ ᠡᠬᠢᠯᠡᠬᠦ ᠬᠤᠭᠤᠴᠠᠭ᠎ᠠ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠥᠷᠭᠡᠨ ᠣᠯᠠᠨ ᠰᠤᠷᠤᠭᠴᠢᠳ᠎ᠲᠤ ᠪᠡᠯᠡᠳᠬᠡᠭᠰᠡᠨ ᠲᠤᠰᠬᠠᠶ ᠰᠡᠳᠦᠪᠲᠦ ᠬᠢᠴᠢᠶᠡᠯ ᠪᠣᠯᠬᠤ᠎ᠪᠠᠷ ᠪᠠᠷᠠᠬᠤ ᠦᠭᠡᠶ᠂ ᠮᠥᠨ ᠴᠦ᠍ ᠰᠤᠷᠤᠭᠴᠢᠳ᠎ᠤᠨ ᠠᠮᠤᠷ ᠲᠦᠪᠰᠢᠨ ᠵᠶ᠋ᠠᠷ ᠶᠠᠪᠤᠵᠤ ᠰᠠᠭᠤᠬᠤ ᠤᠬᠠᠮᠰᠠᠷ᠎ᠢ ᠳᠡᠭᠡᠭᠰᠢᠯᠡᠭᠦᠯᠬᠦ ᠬᠦᠴᠦᠲᠡᠶ ᠠᠷᠭ᠎ᠠ ᠬᠡᠮᠵᠢᠶ᠎ᠡ ᠮᠥᠨ᠂ ᠡᠨᠡ᠎ᠨᠢ ᠰᠤᠷᠤᠭᠴᠢᠳ᠎ᠲᠤ ᠠᠮᠤᠷ ᠲᠦᠪᠰᠢᠨ ᠵᠶ᠋ᠠᠷ ᠶᠠᠪᠤᠵᠤ ᠰᠠᠭᠤᠬᠤ ᠮᠡᠳᠡᠯᠭᠡ ᠵᠢ ᠨᠠᠩ ᠣᠯᠠᠨ ᠰᠤᠷᠤᠯᠴᠠᠨ ᠡᠵᠡᠮᠰᠢᠭᠦᠯᠵᠦ᠂ ᠵᠠᠮ ᠬᠠᠷᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠬᠤ᠎ᠳᠤ᠎ᠪᠠᠨ 《ᠠᠶᠤᠯ ᠲᠦᠭᠰᠢᠭᠦᠷᠢ ᠵᠢ ᠮᠡᠳᠡᠵᠦ᠂ ᠠᠶᠤᠯ ᠲᠦᠭᠰᠢᠭᠦᠷᠢ᠎ᠠᠴᠠ ᠵᠠᠶ᠋ᠢᠯᠠᠵᠤ ᠴᠢᠳᠠᠬᠤ》 ᠵᠢ ᠪᠡᠶᠡᠯᠡᠭᠦᠯᠵᠦ᠂ ᠵᠠᠮ ᠬᠠᠷᠢᠯᠴᠠᠭ᠋ᠠᠨ᠎ᠤ ᠡᠨᠳᠡᠯ᠎ᠢ ᠤᠷᠢᠳᠴᠢᠯᠠᠨ ᠰᠡᠷᠭᠡᠶ᠋ᠢᠯᠡᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ᠎ᠳᠤ ᠢᠳᠡᠪᠬᠢᠲᠡᠶ ᠠᠬᠢᠭᠤᠯᠬᠤ ᠦᠢ᠍ᠯᠡᠳᠦᠯ ᠦᠵᠡᠭᠦᠯᠵᠦ᠂ ᠮᠠᠰᠢ ᠰᠠᠶ᠋ᠢᠨ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃