ᠦᠢᠯᠡᠴᠢᠯᠡᠭᠡ   -   ᠤᠬᠠᠭᠤᠯᠭ᠎ᠠ
ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠨᠠᠮ᠎ᠤᠨ ᠰᠤᠷᠲᠠᠯ ᠎ᠤᠨ ᠪᠠ ᠠᠷᠢᠭᠤᠨ ᠴᠢᠭᠡᠴᠢ᠎ᠪᠠᠷ ᠵᠠᠰᠠᠭ ᠪᠠᠷᠢᠬᠤ ᠬᠦᠮᠦᠵᠢᠯ᠎ᠤᠨ ᠭᠣᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-05-21

      4 ᠰᠠᠷ᠎ᠠ ᠵᠢᠨ 11᠎ᠤ ᠡᠳᠦᠷ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠥᠷᠨᠢᠭᠦᠯᠬᠦ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ᠎ᠤᠨ ᠬᠡᠪ ᠪᠣᠯᠪᠠᠰᠤᠷᠠᠯ ᠵᠶ᠋ᠠᠨ ᠪᠠᠳᠤᠳᠬᠠᠬᠤ᠂ ᠨᠠᠮ᠎ᠤᠨ ᠰᠠᠬᠢᠯᠭ᠎ᠠ ᠤᠯᠤᠰ᠎ᠤᠨ ᠬᠠᠤᠯᠢ ᠵᠢ ᠴᠢᠩᠭ᠎ᠠ ᠰᠠᠬᠢᠬᠤ᠂ ᠠᠷᠢᠭᠤᠨ ᠴᠢᠬᠡᠴᠢ ᠬᠡᠪ ᠰᠤᠷᠲᠠᠯ᠎ᠢ ᠪᠤᠢ ᠪᠣᠯᠭ᠋ᠠᠬᠤ᠂ ᠢᠳᠡᠪᠬᠢᠲᠡᠢ᠎ᠪᠠᠷ ᠠᠵᠢᠯ ᠬᠢᠬᠦ᠂ ᠰᠠᠬᠢᠯᠭ᠎ᠠ ᠪᠠᠲᠤ ᠶᠣᠰᠣ ᠳᠦᠷᠢᠮ᠎ᠤᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ᠂ ᠨᠠᠮ᠎ᠤᠨ ᠭᠡᠰᠢᠭᠦᠨ ᠺᠠᠳ᠋ᠷᠴᠤᠳ᠎ᠤᠨ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠶ᠋ᠢᠯᠡᠬᠦ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠬᠢᠵᠢᠭᠦᠯᠬᠦ ᠵᠢᠨ ᠲᠥᠯᠥᠭᠡ᠂ ᠰᠢᠯᠢ ᠴᠠ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠡᠯ᠎ᠡ ᠨᠠᠮ᠎ᠤᠨ ᠡᠭᠦᠷ᠎ᠢ ᠵᠣᠬᠢᠶᠠᠨ ᠪᠠᠶ᠋ᠢᠭᠤᠯᠤᠨ ᠪᠠᠷᠠᠭᠤᠨ ᠦᠵᠦᠮᠦᠴᠢᠨ ᠬᠤᠰᠢᠭᠤᠨ᠎ᠤ ᠠᠷᠢᠭᠤᠨ ᠴᠢᠬᠡᠴᠢ ᠰᠣᠶᠣᠯ᠎ᠤᠨ ᠬᠥᠮᠦᠵᠢᠯ᠎ᠤᠨ ᠰᠠᠭᠤᠷᠢᠨ ᠭᠠᠵᠠᠷ᠎ᠢ ᠲᠣᠭᠤᠷᠢᠨ ᠦᠵᠡᠭᠦᠯᠵᠦ᠂ ᠲᠣᠪᠴᠢᠶᠠᠨ᠎ᠤ ᠨᠠᠮ᠎ᠤᠨ ᠬᠤᠷᠢᠶᠠᠨ᠎ᠤ ᠤᠳᠤᠷᠢᠳᠬᠤ ᠪᠠᠭ᠎ᠤᠨ ᠭᠡᠰᠢᠭᠦᠳ ᠨᠠᠮ᠎ᠤᠨ ᠭᠡᠰᠢᠭᠦᠨ᠎ᠤ ᠬᠤᠪᠢ᠎ᠪᠠᠷ ᠲᠣᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠪᠠ᠃

YYY04907.JPG


      ᠲᠣᠭᠤᠷᠢᠨ ᠦᠵᠡᠬᠦ ᠶᠠᠪᠤᠴᠠ᠎ᠳᠤ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠠᠶ᠋ᠢᠯᠪᠤᠷᠢᠯᠠᠭᠴᠢ ᠵᠢᠨ ᠲᠠᠨᠢᠯᠴᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠳᠡᠯᠭᠡᠨ ᠦᠵᠡᠭᠦᠯᠦᠭᠰᠡᠨ ᠭᠡᠷᠡᠯ ᠵᠢᠷᠤᠭ᠂ ᠦᠰᠦᠭ ᠪᠢᠴᠢᠭ ᠪᠣᠯᠤᠨ ᠪᠣᠳᠠᠲᠤ ᠪᠣᠳᠠᠰ᠎ᠤᠨ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠦᠵᠡᠵᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠬᠦᠷᠲᠡᠵᠦ᠂ ᠬᠡᠷᠡᠭ ᠵᠶ᠋ᠠᠷ ᠲᠤᠯᠢ ᠪᠣᠯᠭ᠋ᠠᠵᠤ᠂ ᠬᠡᠷᠡᠭ ᠵᠶ᠋ᠠᠷ ᠰᠠᠬᠢᠯᠭ᠎ᠠ ᠪᠠᠲᠤ ᠵᠢ ᠲᠣᠳᠣᠷᠬᠠᠶ᠋ᠢᠯᠠᠵᠤ᠂ ᠱᠠᠮᠰᠢᠨ ᠢᠯᠵᠠᠷᠠᠭᠰᠠᠨ᠎ᠠᠴᠠ ᠪᠤᠯᠵᠤ ᠬᠤᠪᠢ ᠬᠥᠮᠦᠨ ᠪᠣᠯᠤᠨ ᠭᠡᠷ ᠪᠦᠯᠢ᠎ᠳᠤ ᠤᠴᠠᠷᠠᠭᠤᠯᠤᠭᠰᠠᠨ ᠯᠤᠲᠤ ᠶᠡᠭᠡ ᠬᠤᠣᠷ ᠬᠥᠨᠥᠭᠡᠯ᠎ᠢ ᠰᠢᠭᠤᠳ ᠮᠡᠳᠡᠷᠡᠭᠦᠯᠵᠦ᠂ ᠠᠷᠠᠳ᠎ᠤᠨ ᠴᠠᠭᠳᠠᠭ᠎ᠠ ᠵᠢᠨ ᠦᠵᠡᠯ ᠰᠠᠨᠠᠭ᠋ᠠᠨ᠎ᠤ 《ᠤᠯᠠᠭ᠋ᠠᠨ ᠱᠤᠭᠤᠮ》᠎ᠢ ᠦᠨᠡᠨ ᠬᠦ᠌ ᠪᠠᠲᠤ ᠴᠣᠭᠴᠠᠯᠠᠵᠤ᠂ ᠠᠵᠢᠯᠯᠠᠭ᠎ᠠ ᠵᠢᠨ 《ᠬᠤᠷᠢᠭ᠎ᠠ ᠱᠤᠭᠤᠮ》᠎ᠢ ᠪᠠᠲᠤ ᠰᠠᠬᠢᠬᠤ ᠵᠢ ᠬᠥᠮᠥᠵᠢᠭᠦᠯᠦᠨ ᠵᠢᠯᠣᠭᠣᠳᠪᠠ᠃ ᠬᠤᠪᠢᠰᠬᠠᠯ᠎ᠤᠨ ᠰᠤᠷᠭ᠋ᠠᠨ ᠬᠥᠮᠦᠵᠢᠯ᠎ᠤᠨ ᠲᠢᠩᠬᠢᠮ᠎ᠳᠤ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ ᠦᠵᠡᠬᠦ᠎ᠪᠠᠷ ᠳᠠᠮᠵᠢᠭᠤᠯᠤᠨ᠂ ᠢᠯᠵᠠᠷᠠᠯ᠎ᠤᠨ ᠬᠤᠤᠷ ᠬᠥᠨᠥᠭᠡᠯᠲᠦ ᠴᠢᠨᠠᠷ ᠪᠠ ᠠᠷᠢᠭᠤᠨ ᠴᠢᠬᠡᠴᠢ ᠴᠠᠭᠳᠠᠭ᠎ᠠ ᠵᠢᠨ ᠴᠢᠬᠤᠯᠠ ᠴᠢᠨᠠᠷ᠎ᠢ ᠤᠯᠠᠮ ᠨᠢᠭᠡ ᠠᠯᠬᠤᠮ ᠣᠶ᠋ᠢᠯᠠᠭ᠋ᠠᠪᠠ᠃ ᠭᠠᠯ ᠤᠯᠠᠭ᠋ᠠᠨ ᠨᠠᠮ᠎ᠤᠨ ᠲᠤᠭ᠎ᠤᠨ ᠡᠮᠦᠨ᠎ᠡ᠂ ᠪᠦᠬᠦ ᠨᠠᠮ᠎ᠤᠨ ᠭᠡᠰᠢᠭᠦᠳ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠠᠨ ᠲᠠᠬᠢᠨ ᠤᠩᠰᠢᠪᠠ᠃ ᠤᠯᠠᠨ ᠵᠶ᠋ᠠᠷ ᠵᠶ᠋ᠠᠨ ᠨᠢᠳᠤᠷᠭ᠎ᠠ᠎ᠪᠠᠨ ᠵᠠᠩᠭᠢᠳᠴᠤ᠂ ᠲᠥᠪ ᠴᠢᠩᠭ᠎ᠠ᠎ᠪᠠᠷ ᠲᠠᠩᠭ᠋ᠠᠷᠢᠭᠯᠠᠪᠠ᠃ ᠡᠨᠡ ᠪᠣᠯ ᠨᠠᠮ᠎ᠳᠤ ᠣᠷᠣᠬᠤ ᠤᠭ ᠰᠠᠨᠠᠭ᠋ᠠᠨ᠎ᠤ ᠳᠠᠬᠢᠨ ᠡᠷᠭᠢᠴᠡᠭᠦᠯᠦᠯ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠰᠢᠨ᠎ᠡ ᠴᠠᠭ ᠦᠶ᠎ᠡ ᠵᠢᠨ ᠨᠠᠮ᠎ᠤᠨ ᠭᠡᠰᠢᠭᠦᠨ᠎ᠤ ᠡᠭᠦᠷᠭᠡ ᠬᠠᠷᠢᠭᠤᠴᠠᠯᠭ᠎ᠠ ᠵᠢᠨ ᠲᠤᠬᠠᠶ ᠠᠮᠠᠯᠠᠯᠲᠠ ᠮᠥᠨ᠂ ᠨᠠᠮ᠎ᠤᠨ ᠭᠡᠰᠢᠭᠦᠨ ᠨᠢᠭᠡᠪᠦᠷᠢ᠎ᠳᠤ ᠴᠠᠭ ᠢᠮᠠᠭᠲᠠ ᠥᠪᠡᠷ᠎ᠢ᠎ᠪᠠᠨ ᠴᠢᠩᠭ᠎ᠠ ᠱᠠᠭ᠋ᠠᠷᠳᠠᠵᠤ᠂ ᠨᠠᠮ᠎ᠳᠤ᠎ᠪᠠᠨ ᠦᠨᠡᠨᠴᠢ ᠰᠢᠳᠤᠷᠭᠤ ᠪᠠᠶ᠋ᠢᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠬᠦ ᠬᠡᠷᠡᠭᠲᠡᠶ ᠭᠡᠵᠦ ᠰᠠᠨᠠᠭᠤᠯᠪᠠ᠃

YYY04841.JPG


      ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠨᠦᠭᠦᠳ᠎ᠨᠢ ᠬᠥᠮᠦᠨ᠎ᠢ ᠰᠣᠴᠢᠭ᠋ᠠᠮ᠎ᠠ ᠪᠠᠶ᠋ᠢᠵᠤ᠂ ᠰᠤᠷᠭ᠋ᠠᠮᠵᠢ᠎ᠨᠢ ᠭᠦᠨ ᠭᠦᠨᠵᠡᠭᠡᠶ ᠪᠠᠶ᠋ᠢᠵᠤ᠂ ᠭᠡᠮᠰᠢᠯ᠎ᠤᠨ ᠪᠢᠴᠢᠭ᠎ᠨᠢ ᠬᠥᠮᠥᠰ᠎ᠢ ᠭᠦᠨ ᠰᠡᠳᠬᠢᠭᠦᠯᠪᠡ᠃ ᠲᠣᠭᠤᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠪᠦᠬᠦ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠡᠭᠦᠨ ᠵᠶ᠋ᠠᠷ ᠴᠡᠭᠡᠷᠯᠡᠯ ᠪᠣᠯᠭ᠋ᠠᠵᠤ᠂ ᠠᠵᠢᠯ᠎ᠤᠨ ᠳᠤᠮᠳᠠ᠎ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ ᠵᠶ᠋ᠠᠨ ᠪᠠᠲᠤ ᠴᠣᠭᠴᠠᠯᠠᠵᠤ᠂ ᠠᠷᠢᠭᠤᠨ ᠴᠢᠬᠡᠴᠢ ᠵᠢ ᠡᠷᠬᠢᠮᠯᠡᠬᠦ᠂ ᠠᠷᠢᠭᠤᠨ ᠴᠢᠬᠡᠴᠢ᠎ᠪᠠᠷ ᠪᠡᠶ᠎ᠡ ᠵᠶ᠋ᠠᠨ ᠪᠠᠷᠢᠬᠤ ᠵᠢ ᠦᠨᠡᠨ ᠬᠦ᠌ ᠪᠡᠶᠡᠯᠡᠭᠦᠯᠵᠦ᠂ 《ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ》 ᠭᠡᠬᠦ ᠤᠬᠠᠮᠰᠠᠷ᠎ᠢ ᠪᠠᠲᠤ ᠪᠤᠢ ᠪᠣᠯᠭ᠋ᠠᠵᠤ᠂ ᠭᠡᠷ᠎ᠤᠨ ᠬᠥᠮᠦᠰ ᠲᠦᠷᠦᠯ ᠰᠠᠳᠤᠨ ᠵᠶ᠋ᠠᠨ ᠴᠢᠩᠭ᠎ᠠ ᠬᠠᠮᠢᠶᠠᠷᠴᠤ᠂ ᠳᠡᠷᠭᠡᠳᠡᠬᠢ ᠬᠥᠮᠦᠨ ᠪᠠ ᠳᠡᠷᠭᠡᠳᠡᠬᠢ ᠶᠠᠪᠤᠳᠠᠯ ᠵᠶ᠋ᠠᠨ ᠰᠠᠶ᠋ᠢᠲᠤᠷ ᠬᠠᠮᠢᠶᠠᠷᠴᠤ᠂ ᠴᠠᠭ ᠢᠮᠠᠭᠲᠠ ᠪᠡᠶ᠎ᠡ᠎ᠪᠠᠨ ᠬᠢᠴᠢᠶᠡᠵᠦ ᠪᠡᠶ᠎ᠡ᠎ᠪᠠᠨ ᠰᠡᠷᠡᠮᠵᠢᠯᠡᠭᠦᠯᠦᠨ ᠪᠡᠶ᠎ᠡ᠎ᠪᠠᠨ ᠵᠣᠷᠢᠭᠵᠢᠭᠤᠯᠬᠤ ᠵᠢ ᠪᠠᠷᠢᠮᠲᠠᠯᠠᠵᠤ᠂ ᠴᠠᠭ ᠢᠮᠠᠭᠲᠠ ᠠᠷᠠᠳ᠎ᠤᠨ ᠲᠥᠯᠥᠭᠡ ᠪᠣᠳᠠᠲᠠᠢ ᠵᠢ ᠡᠷᠬᠢᠮᠯᠡᠨ ᠠᠷᠢᠭᠤᠨ ᠴᠢᠬᠡᠴᠢ ᠪᠠᠶ᠋ᠢᠬᠤ ᠤᠯᠤᠰ ᠲᠦᠷᠦ ᠵᠢᠨ ᠮᠥᠨ ᠴᠢᠨᠠᠷ ᠵᠶ᠋ᠠᠨ ᠬᠠᠳᠠᠭ᠋ᠠᠯᠠᠨ᠎ᠠ ᠭᠡᠵᠦ ᠢᠯᠡᠳᠬᠡᠵᠡᠭᠡᠪᠡ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ