ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠮᠡᠳᠡᠯᠭᠡ ᠵᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠨᠡᠶ᠋ᠢᠭᠡᠮ᠎ᠤᠨ ᠣᠯᠠᠨ ᠨᠡᠶ᠋ᠢᠲᠡ ᠵᠢᠨ ᠡᠯ᠎ᠡ ᠲᠥᠷᠥᠯ᠎ᠤᠨ ᠭᠠᠮᠰᠢᠭ᠎ᠢ ᠰᠡᠷᠭᠡᠶ᠋ᠢᠯᠡᠬᠦ ᠤᠬᠠᠮᠰᠠᠷ ᠪᠠ ᠥᠪᠡᠷ᠎ᠢ᠎ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠣᠢ᠌ᠷ᠎ᠠ᠎ᠶᠢᠨ ᠡᠳᠦᠷ᠎ᠲᠤ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠷᠠᠭᠤᠨ ᠦᠵᠦᠮᠦᠴᠢᠨ ᠬᠤᠰᠢᠭᠤᠨ᠎ᠤ ᠰᠣᠶᠣᠯ᠎ᠤᠨ ᠲᠠᠯᠠᠪᠠᠶ᠎ᠳᠤ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠬᠤ – ᠳᠡᠷᠭᠡᠳᠡᠬᠢ ᠭᠠᠮᠰᠢᠭ᠎ᠤᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ》 17 ᠳ᠋ᠤᠭ᠋ᠠᠷ ᠪᠥᠬᠦ ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ᠎ᠤᠨ ᠲᠥᠪᠯᠡᠷᠡᠩᠭᠦᠶ ᠤᠬᠠᠭᠤᠯᠭ᠎ᠠ ᠵᠢᠨ ᠠᠵᠢᠯᠯᠠᠭ᠎ᠠ ᠵᠢᠴᠢ ᠡᠬᠢᠯᠡᠯᠲᠡ ᠵᠢᠨ ᠶᠣᠰᠣᠯᠠᠯ ᠵᠶ᠋ᠠᠷ ᠠᠵᠠ ᠲᠣᠬᠢᠶᠠᠯ ᠪᠣᠯᠭ᠋ᠠᠵᠤ᠂ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠪᠡ᠃

ᠠᠵᠢᠯᠯᠠᠭ᠎ᠠ ᠵᠢᠨ ᠲᠤᠬᠠᠶ ᠵᠢᠨ ᠲᠠᠯᠠᠪᠤᠷ᠎ᠲᠤ᠂ ᠤᠬᠠᠭᠤᠯᠭ᠎ᠠ ᠵᠢᠨ ᠯᠠᠪᠯᠠᠯᠭ᠎ᠠ ᠵᠢᠨ ᠲᠣᠭᠤᠷᠢᠭ᠂ ᠦᠵᠡᠭᠦᠯᠭᠡ ᠵᠢᠨ ᠲᠣᠭᠤᠷᠢᠭ᠂ ᠰᠣᠷᠢᠯᠲᠠ ᠵᠢᠨ ᠲᠣᠭᠤᠷᠢᠭ ᠵᠡᠷᠭᠡ ᠵᠢ ᠳᠣᠭᠢᠷᠠᠭᠤᠯᠬᠤ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠦᠷᠭᠦᠯᠵᠢ ᠲᠣᠬᠢᠶᠠᠯᠳᠤᠬᠤ ᠡᠯ᠎ᠡ ᠲᠥᠷᠥᠯ᠎ᠤᠨ ᠭᠡᠨᠡᠳᠲᠡ ᠵᠢᠨ ᠬᠡᠷᠡᠭ᠎ᠤᠨ ᠣᠨᠴᠠᠯᠢᠭ᠂ ᠬᠤᠤᠷ ᠬᠥᠨᠥᠭᠡᠯ᠎ᠢ ᠢᠳᠡᠪᠬᠢᠲᠡᠶ᠎ᠪᠠᠷ ᠲᠠᠨᠢᠯᠴᠠᠭᠤᠯᠵᠤ᠂ ᠳᠡᠷᠭᠡᠳᠡᠬᠢ ᠳᠠᠯᠳᠠ ᠬᠡᠮ᠎ᠢ ᠬᠡᠷᠬᠢᠨ ᠢᠯᠭ᠋ᠠᠨ ᠲᠠᠨᠢᠭᠤᠯᠬᠤ᠂ ᠳᠡᠷᠭᠡᠳᠡᠬᠢ ᠳᠠᠯᠳᠠ ᠬᠡᠮ᠎ᠢ ᠬᠡᠷᠬᠢᠨ ᠠᠷᠢᠯᠭ᠋ᠠᠬᠤ᠎ᠶᠢ ᠬᠦᠲᠦᠯᠦᠨ ᠵᠢᠯᠣᠭᠣᠳᠴᠤ᠂ ᠣᠯᠠᠨ ᠲᠦᠮᠡᠨ᠎ᠤ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠮᠡᠳᠡᠯᠭᠡ ᠵᠢ ᠣᠶ᠋ᠢᠯᠠᠭ᠋ᠠᠬᠤ ᠨᠣᠷᠮ᠎ᠠ ᠵᠢ ᠦᠨᠡᠨ ᠬᠦ᠌ ᠳᠡᠭᠡᠭᠰᠢᠯᠡᠭᠦᠯᠵᠦ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠎ᠳᠤ ᠬᠥᠮᠦᠨ ᠪᠦᠬᠦᠨ ᠣᠷᠣᠯᠴᠠᠬᠤ᠂ ᠠᠮᠤᠷ ᠲᠦᠪᠰᠢᠨ᠎ᠤ ᠮᠡᠳᠡᠯᠭᠡ ᠵᠢ ᠡᠷᠦᠬᠡ ᠪᠣᠯᠭ᠋ᠠᠨ᠎ᠳᠤ ᠮᠡᠳᠡᠭᠦᠯᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠢᠳᠡᠪᠬᠢᠲᠡᠶ ᠪᠣᠶ ᠪᠣᠯᠭ᠋ᠠᠪᠠ᠃

ᠲᠣᠰ ᠤᠳᠠᠭ᠋ᠠᠨ᠎ᠤ ᠠᠵᠢᠯᠯᠠᠭ᠎ᠠ᠎ᠳᠤ ᠨᠡᠶ᠋ᠢᠲᠡ 100 ᠭᠠᠷᠤᠶ ᠬᠤᠪᠢ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠣᠯᠠᠨ ᠲᠦᠮᠡᠨ᠎ᠤ ᠯᠠᠪᠯᠠᠭ᠎ᠠ᠎ᠳᠤ 30 ᠭᠠᠷᠤᠶ ᠬᠥᠮᠦᠨ ᠤᠳᠠᠭ᠎ᠠ ᠬᠠᠷᠢᠭᠤᠯᠲᠠ ᠥᠭᠴᠦ᠂ ᠭᠠᠮᠰᠢᠭ᠎ᠤᠨ ᠪᠠᠶ᠋ᠢᠳᠠᠯ ᠳᠣᠤᠷᠠᠬᠢ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠤᠬᠠᠮᠰᠠᠷ ᠬᠢᠭᠡᠳ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠪᠠᠷᠠᠭᠤᠨ ᠦᠵᠦᠮᠦᠴᠢᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠭᠠᠮᠰᠢᠭ᠎ᠤᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠪᠠᠶ᠋ᠢᠩᠭᠤᠵᠢᠭᠤᠯᠬᠤ ᠵᠢ ᠠᠬᠢᠭᠤᠯᠵᠤ᠂ ᠡᠯ᠎ᠡ ᠵᠦᠢ᠍ᠯ᠎ᠤᠨ ᠠᠮᠤᠷ ᠲᠦᠪᠰᠢᠨ᠎ᠤ ᠠᠳᠡᠯ ᠭᠠᠷᠬᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠰᠡᠷᠭᠡᠶ᠋ᠢᠯᠡᠨ ᠪᠠᠭ᠋ᠠᠰᠬᠠᠵᠤ᠂ 《ᠠᠮᠤᠷ ᠠᠮᠤᠭᠤᠯᠠᠩ ᠪᠠᠷᠠᠭᠤᠨ ᠦᠵᠦᠮᠦᠴᠢᠨ》᠎ᠢ ᠪᠠᠶ᠋ᠢᠭᠤᠯᠬᠤ᠎ᠳᠤ ᠴᠢᠩᠭ᠎ᠠ ᠬᠦᠴᠦᠲᠡᠶ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠪᠤᠯᠤᠨ᠎ᠠ᠃