ᠦᠢᠯᠡᠴᠢᠯᠡᠭᠡ   -   ᠨᠢᠭᠡᠳᠤᠭᠡᠷ ᠹᠷᠤᠨᠲ
ᠰᠢᠯᠢ ᠵᠢᠨ ᠬᠣᠲᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ 100 ᠭᠠᠷᠤᠢ ᠲᠦᠮᠡᠨ ᠲᠦᠬᠦᠷᠢᠭ᠎ᠤᠨ ᠡᠳ᠋ ᠪᠣᠳᠠᠰ ᠬᠤᠯᠠᠭ᠋ᠠᠢ᠌ᠯᠠᠭᠳᠠᠭᠰᠠᠨ ᠨᠢᠭᠡᠨ ᠬᠡᠷᠡᠭ᠎ᠢ ᠢᠯᠡᠷᠡᠬᠦᠯᠪᠡ
ᠨᠡᠶ᠋ᠢᠲᠡᠯᠡᠭᠰᠡᠨ ᠴᠠᠭ᠄ 2024-10-17

     《ᠵᠣᠨ᠎ᠤ ᠤᠯᠠᠷᠢᠯ᠎ᠤᠨ ᠲᠤᠰᠬᠠᠢ ᠠᠵᠢᠯᠯᠠᠭ᠎ᠠ》 ᠡᠬᠢᠯᠡᠭᠰᠡᠨ᠎ᠠᠴᠠ ᠠᠪᠤᠭ᠋ᠠᠳ᠂ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠠᠷᠠᠳ᠎ᠤᠨ ᠠᠮᠢᠳᠤᠷᠠᠯ᠎ᠳᠤ ᠰᠢᠭᠤᠳ ᠬᠣᠯᠪᠣᠭᠳᠠᠭᠰᠠᠨ ᠡᠳ᠋ ᠬᠦᠷᠤᠩᠭᠡ᠎ᠳᠤ ᠬᠠᠯᠳᠠᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠤᠬᠢᠯᠳᠠ ᠦᠭᠭᠦ ᠵᠢ ᠦᠷᠬᠦᠯᠵᠢᠯᠡᠨ ᠪᠠᠷᠢᠮᠳᠠᠯᠠᠵᠦ᠂ 7 ᠳ᠋ᠤᠭ᠋ᠠᠷ ᠰᠠᠷ᠎ᠠ ᠵᠢᠨ 29᠎ᠤ ᠡᠳᠤᠷ᠂ ᠨᠢᠭᠡᠨ ᠦᠨᠳᠦᠰᠤᠳᠡᠨ᠎ᠤ ᠭᠠᠷ ᠤᠷᠠᠯᠠᠯ ᠎ᠤᠨ ᠪᠦᠳᠦᠭᠡᠭᠳᠡᠭᠦᠨ᠎ᠤ ᠲᠡᠯᠭᠡᠬᠦᠷ ᠎ᠤᠨ ᠡᠳ᠋ ᠪᠣᠳᠠᠰ ᠬᠤᠯᠠᠭ᠋ᠠᠢ᠌ᠯᠠᠭᠳᠠᠭᠰᠠᠨ ᠬᠡᠷᠡᠭ᠎ᠢ ᠠᠮᠵᠢᠯᠳᠠ᠎ᠲᠠᠢ  ᠪᠠᠢ᠌ᠴᠠᠭ᠋ᠠᠨ ᠢᠯᠡᠷᠡᠭᠦᠯᠵᠦ᠂ ᠨᠢᠭᠡ ᠬᠡᠷᠡᠭ᠎ᠤᠨ ᠰᠡᠵᠢᠭᠳᠡᠨ᠎ᠢ ᠪᠠᠷᠢᠪᠴᠢᠯᠠᠪᠠ᠃
      ᠥᠢ᠍ᠷ᠎ᠠ ᠵᠢᠨ ᠡᠳᠤᠷ᠂ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠬᠠᠷᠢᠶ᠎ᠠ ᠲᠣᠭᠣᠷᠢᠭ᠎ᠤᠨ ᠰᠠᠭᠤᠭ᠋ᠠᠯᠢ ᠠᠷᠠᠳ ᠶᠠᠩ  ᠤᠪᠤᠭᠳᠤ ᠵᠢᠨ 《ᠡᠵᠡᠩᠨᠡᠵᠦ ᠪᠠᠢ᠌ᠭ᠎ᠠ ᠦᠨᠳᠦᠰᠤᠳᠡᠨ᠎ᠤ ᠭᠠᠷ ᠤᠷᠠᠯᠠᠯ ᠎ᠤᠨ ᠪᠦᠳᠦᠭᠡᠭᠳᠡᠭᠦᠨ᠎ᠤ ᠲᠡᠯᠭᠡᠬᠦᠷ᠎ᠲᠤ᠎ᠨᠢ ᠬᠤᠯᠠᠭ᠋ᠠᠢ᠌ᠴᠢ ᠤᠷᠤᠵᠦ᠂ ᠬᠤᠯᠠᠭ᠋ᠠᠢ᠌ᠯᠠᠭᠳᠠᠭᠰᠠᠨ ᠡᠳ᠋ ᠪᠣᠳᠠᠰ ᠎ᠤᠨ ᠶᠡᠷᠦᠩᠬᠡᠢ ᠥᠷᠳᠡᠭ᠎ᠨᠢ 100 ᠭᠠᠷᠤᠢ ᠲᠦᠮᠡᠨ ᠲᠦᠬᠦᠷᠢᠭ᠎ᠲᠤ ᠬᠦᠷᠴᠠᠢ》 ᠭᠡᠬᠦ ᠬᠡᠷᠡᠭ᠎ᠤᠨ ᠮᠡᠳᠡᠬᠦᠯᠦᠯᠳᠡ ᠵᠢ ᠲᠣᠰᠴᠠᠢ᠃ ᠬᠡᠷᠡᠭ᠎ᠤᠨ ᠮᠡᠳᠡᠬᠦᠯᠦᠯᠳᠡ ᠵᠢ ᠲᠣᠰᠣᠭᠰᠠᠨ᠎ᠤ ᠲᠠᠷᠠᠭ᠎ᠠ ᠡᠷᠡᠭᠦᠦ ᠵᠢᠨ ᠬᠡᠷᠡᠭ᠎ᠢ ᠲᠠᠩᠨᠠᠨ ᠪᠠᠢ᠌ᠴᠠᠭ᠋ᠠᠬᠤ ᠶᠡᠭᠡ ᠠᠩᠭᠢ ᠵᠢᠨ᠎ᠬᠢᠨ ᠲᠤᠬᠠᠢ ᠵᠢᠨ ᠲᠠᠯᠠᠪᠠᠢ᠎ᠳᠤ ᠬᠦᠷᠴᠦ ᠲᠠᠩᠨᠠᠨ ᠪᠠᠢ᠌ᠴᠠᠭ᠋ᠠᠬᠤ ᠠᠵᠢᠯᠯᠠᠭ᠎ᠠ᠎ᠪᠠᠨ ᠦᠷᠨᠢᠬᠦᠯᠪᠡ᠃ ᠲᠤᠬᠠᠢ ᠵᠢᠨ ᠲᠠᠯᠠᠪᠠᠢ᠎ᠳᠤ᠂ ᠰᠡᠵᠢᠭᠳᠡᠨ᠎ᠤ ᠦᠯᠡᠳᠡᠭᠡᠭᠰᠡᠨ ᠬᠤᠷᠤᠭᠤᠨ ᠤᠷᠤᠮ᠎ᠢ ᠭᠠᠷᠭ᠋ᠠᠨ ᠠᠪᠬᠤ᠎ᠪᠠᠷ ᠲᠠᠮᠵᠢᠭᠤᠯᠤᠨ᠂  ᠬᠡᠷᠡᠭ᠎ᠤᠨ ᠰᠡᠵᠢᠭᠳᠡᠨ ᠵᠠᠩ ᠤᠪᠤᠭᠳᠤ ᠵᠢᠨ ᠪᠡᠶ᠎ᠡ ᠵᠢᠨ ᠭᠠᠷᠤᠯ᠎ᠤᠨ ᠮᠡᠳᠡᠭᠡ ᠵᠠᠩᠭᠢ ᠵᠢ ᠦᠳᠳᠡᠷ ᠲᠦᠷᠭᠡᠨ ᠲᠤᠭᠳᠠᠭ᠋ᠠᠬᠤ ᠵᠢᠨ ᠬᠠᠮᠳᠤ᠂ ᠰᠡᠵᠢᠭᠳᠡᠨ᠎ᠤ ᠰᠠᠭᠤᠭ᠎ᠠ ᠭᠠᠵᠠᠷ᠎ᠤᠨ ᠬᠠᠷᠢᠶᠠᠯᠠᠭᠳᠠᠬᠤ ᠲᠣᠮᠢᠯᠠᠭᠰᠠᠨ ᠰᠠᠯᠪᠤᠷᠢ ᠵᠢᠴᠢ ᠴᠠᠭᠳᠠᠭ᠋ᠠᠨ᠎ᠤ ᠶᠠᠪᠤᠳᠠᠯ᠎ᠤᠨ ᠲᠤᠰᠠᠯᠠᠬᠤ ᠶᠡᠭᠡ ᠠᠩᠭᠢ ᠵᠢᠨ ᠴᠠᠭᠳᠠᠭ᠎ᠠ ᠨᠠᠷ᠎ᠲᠠᠢ ᠬᠣᠯᠪᠣᠭ᠋ᠠᠯᠠᠨ ᠬᠥᠳᠡᠯᠦᠯᠴᠡᠵᠦ᠂  ᠴᠠᠭᠳᠠᠭ᠋ᠠᠨ᠎ᠤ ᠶᠠᠪᠤᠳᠠᠯ᠎ᠤᠨ ᠰᠢᠨ᠎ᠡ ᠵᠠᠭᠪᠤᠷ᠎ᠲᠤ ᠲᠦᠰᠢᠭᠯᠡᠨ᠂ ᠬᠡᠷᠡᠭ᠎ᠤᠨ ᠰᠡᠵᠢᠭᠳᠡᠨ᠎ᠢ ᠪᠠᠷᠢᠪᠴᠢᠯᠠᠬᠤ ᠠᠵᠢᠯᠯᠠᠭ᠎ᠠ ᠦᠷᠨᠢᠬᠦᠯᠪᠡ᠃
    ᠠᠷᠠᠳ᠎ᠤᠨ ᠴᠠᠭᠳᠠᠭ᠎ᠠ ᠨᠠᠷ᠎ᠤᠨ ᠴᠥᠬᠥᠷᠡᠰᠢ ᠦᠭᠡᠢ ᠴᠢᠷᠮᠠᠢ᠌ᠯᠭ᠎ᠠ᠎ᠪᠠᠷ ᠲᠠᠮᠵᠢᠨ᠂ ᠬᠡᠷᠡᠭ ᠎ᠤᠨ ᠰᠡᠵᠢᠭᠳᠡᠨ ᠵᠠᠩ ᠤᠪᠤᠭᠳᠤ ᠵᠢ ᠠᠮᠵᠢᠯᠳᠠ᠎ᠲᠠᠢ᠎ᠪᠠᠷ ᠪᠠᠷᠢᠪᠴᠢᠯᠠᠵᠠᠢ᠃ ᠰᠢᠬᠦᠨ ᠠᠰᠠᠭᠤᠬᠤ᠎ᠪᠠᠷ ᠲᠠᠮᠵᠢᠨ᠂ ᠵᠠᠩ ᠤᠪᠤᠭᠳᠤ ᠪᠤᠰᠤᠳ᠎ᠤᠨ ᠲᠡᠯᠭᠡᠬᠦᠷ᠎ᠤᠨ ᠡᠳ᠋ ᠪᠣᠳᠠᠰ᠎ᠢ ᠬᠤᠯᠠᠭ᠋ᠠᠢ᠌ᠯᠠᠭᠰᠠᠨ ᠬᠡᠷᠡᠭ ᠵᠶ᠋ᠡᠨ ᠥᠴᠢᠭᠯᠡᠨ ᠮᠡᠳᠡᠷᠡᠵᠠᠢ᠃
    ᠣᠳᠣᠬᠠᠨ᠎ᠳᠤ᠂ ᠬᠡᠷᠡᠭ᠎ᠤᠨ ᠰᠡᠵᠢᠭᠳᠡᠨ ᠵᠠᠩ ᠤᠪᠤᠭᠳᠤ (ᠡᠷᠡᠭᠲᠡᠢ᠂ 40 ᠨᠠᠰᠤᠳᠠᠢ) ᠵᠢ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠲᠣᠰ ᠬᠡᠷᠡᠭ᠎ᠢ ᠤᠯᠠᠮ ᠨᠢᠭᠡ ᠠᠯᠬᠤᠮ ᠪᠠᠢ᠌ᠴᠠᠭ᠋ᠠᠨ ᠰᠢᠢ᠍ᠳᠪᠦᠷᠢᠯᠡᠵᠦ ᠪᠠᠢ᠌ᠨ᠎ᠠ᠃ (  ᠰᠢᠯᠢ ᠵᠢᠨ ᠬᠣᠲᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠣᠶᠤᠨᠴᠢᠮᠡᠭ ᠮᠡᠳᠡᠭᠡᠯᠡᠪᠡ )

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠳᠣᠲᠤᠭ᠋ᠠᠳᠤ ᠵᠢ ᠬᠠᠮᠠᠭ᠋ᠠᠯᠠᠬᠤ ᠳᠣᠪᠴᠢᠶ᠎ᠠ