ᠦᠢᠯᠡᠴᠢᠯᠡᠭᠡ   -   ᠨᠢᠭᠡᠳᠤᠭᠡᠷ ᠹᠷᠤᠨᠲ
ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ ᠬᠠᠭᠤᠷᠮᠠᠭ ᠲᠠᠩᠰᠠᠯᠠᠭᠤᠯᠤᠭᠰᠠᠨ ᠲᠠᠸᠠᠷ᠎ᠤᠨ ᠲᠡᠮᠳᠡᠭᠳᠤ ᠲᠠᠸᠠᠷ᠎ᠢ ᠤᠢ᠌ᠯᠡᠳᠪᠤᠷᠢᠯᠡᠨ ᠪᠤᠷᠤᠯᠠᠭᠤᠯᠤᠭᠰᠠᠨ ᠬᠡᠷᠡᠭ᠎ᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-10-17

     ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠤᠷᠴᠢᠨ ᠲᠤᠭᠤᠷᠢᠨ ᠢᠳᠡᠭᠡᠨ ᠤᠮᠳᠠᠭ᠋ᠠᠨ ᠡᠮ ᠡᠮᠨᠡᠯᠭᠡ ᠵᠢᠨ ᠭᠡᠷᠡᠭ᠎ᠢ ᠲᠠᠩᠨᠠᠨ ᠪᠠᠢ᠌ᠴᠠᠭ᠋ᠠᠬᠤ ᠶᠡᠭᠡ ᠠᠩᠭᠢ ᠵᠢᠨ᠎ᠬᠢᠨ 《ᠵᠤᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠤᠬᠢᠯᠳᠠ ᠦᠭᠴᠦ ᠴᠡᠭᠴᠡᠯᠡᠨ ᠵᠠᠰᠠᠬᠤ》 ᠠᠵᠢᠯᠯᠠᠭ᠎ᠠ ᠵᠢᠨ ᠲᠤᠭᠤᠷᠢᠨ᠎ᠳᠤ᠂ ᠠᠷᠠᠳ᠎ᠤᠨ ᠠᠮᠢᠳᠤᠷᠡᠯ᠎ᠳᠤ ᠬᠤᠯᠪᠤᠭᠳᠠᠭᠰᠠᠨ ᠬᠠᠤᠯᠢ ᠵᠢ ᠵᠦᠷᠢᠴᠡᠭᠰᠡᠨ ᠠᠵᠢᠯᠯᠠᠭ᠎ᠠ᠎ᠳᠤ ᠴᠢᠩᠭ᠎ᠠ ᠴᠤᠬᠢᠯᠳᠠ ᠥᠭᠪᠡ᠃ 
     ᠤᠢ᠌ᠷ᠎ᠠ ᠵᠢᠨ ᠡᠳᠤᠷ᠂ ᠶᠡᠭᠡ ᠠᠩᠭᠢ ᠵᠢᠨ ᠴᠠᠭᠳᠠᠭ᠎ᠠ ᠨᠠᠷ ᠬᠠᠷᠢᠶ᠎ᠠ ᠤᠷᠤᠨ᠎ᠳᠤ᠎ᠪᠠᠨ ᠬᠠᠭᠤᠷᠮᠠᠭ ᠨᠡᠷᠡᠳᠤ ᠲᠡᠮᠳᠡᠭᠳᠤ ᠱᠠᠭ᠋ᠠᠵᠠᠩ ᠲᠤᠭᠤᠰᠬᠠᠨ ᠴᠠᠪᠠᠤ ᠤᠢ᠌ᠯᠡᠳᠪᠤᠷᠢᠯᠡᠵᠤ ᠪᠤᠷᠤᠯᠠᠭᠤᠯᠵᠦ ᠪᠠᠢ᠌ᠭ᠎ᠠ ᠰᠡᠵᠢᠭᠳᠡᠨ ᠪᠠᠢ᠌ᠬᠤ ᠰᠦᠪᠡᠭᠴᠢ ᠵᠢ ᠤᠯᠵᠦ᠂ ᠲᠡᠷᠡ ᠲᠠᠷᠤᠢ᠎ᠳᠤ᠎ᠨᠢ ᠴᠠᠭᠳᠠᠭ᠎ᠠ᠎ᠪᠠᠨ ᠵᠤᠬᠢᠶᠠᠨ ᠪᠠᠢ᠌ᠭᠤᠯᠵᠦ᠂ ᠲᠤᠰ ᠭᠠᠵᠠᠷ᠎ᠤᠨ ᠱᠠᠭ᠋ᠠᠵᠠᠩ ᠲᠤᠭᠤᠰᠬᠠᠨ ᠴᠠᠪᠠᠦ ᠵᠢᠨ ᠵᠠᠬ᠎ᠠ ᠲᠡᠯᠭᠡᠭᠦᠷ ᠵᠶ᠋ᠠᠷ ᠶᠠᠪᠤᠵᠦ ᠰᠤᠷᠪᠤᠯᠵᠢᠯᠠᠨ᠂ ᠵᠢᠭᠰᠠᠭ᠋ᠠᠨ  ᠪᠠᠢ᠌ᠴᠠᠭ᠋ᠠᠬᠤ ᠵᠢᠴᠢ ᠵᠠᠬ᠎ᠠ ᠲᠡᠯᠭᠡᠭᠦᠷ᠎ᠤᠨ ᠬᠢᠨᠠᠯᠳᠠ ᠬᠠᠮᠢᠶᠠᠷᠤᠯᠳᠠ ᠵᠢᠨ ᠲᠤᠪᠴᠢᠶ᠎ᠠ᠎ᠯᠤᠭ᠎ᠠ ᠬᠠᠮᠳᠤᠷᠠᠭᠰᠠᠨ ᠪᠠᠢ᠌ᠴᠠᠭ᠋ᠠᠯᠳᠠ ᠬᠢᠬᠦ᠎ᠪᠠᠷ ᠲᠠᠮᠵᠢᠭᠤᠯᠤᠨ᠂ ᠰᠢᠯᠢ ᠵᠢᠨ ᠬᠤᠳᠠ ᠵᠢᠨ ᠵᠠᠰᠠᠯ ᠴᠢᠮᠡᠭᠯᠡᠯ᠎ᠤᠨ ᠮᠠᠲᠸᠷᠢᠶᠠᠯ᠎ᠤᠨ ᠵᠠᠬ᠎ᠠ ᠲᠡᠯᠭᠡᠭᠦᠷ᠎ᠲᠤ ᠨᠡᠢ᠌ᠳᠡ 6 ᠨᠡᠷᠡᠳᠤ ᠲᠡᠮᠳᠡᠭᠳᠤ ᠱᠠᠭ᠋ᠠᠵᠠᠩ ᠲᠤᠭᠤᠰᠬᠠᠨ ᠴᠠᠪᠠᠤ ᠡᠵᠡᠩᠨᠡᠨ ᠪᠤᠷᠤᠯᠠᠭᠤᠯᠬᠤ ᠱᠦᠢ᠍ᠨᠢ ᠵᠢᠨ ᠲᠡᠯᠭᠡᠬᠦᠷ᠎ᠲᠤ ᠬᠠᠭᠤᠷᠮᠠᠭ ᠲᠠᠸᠠᠷ ᠪᠠᠢ᠌ᠬᠤ ᠵᠢ ᠤᠯᠵᠦ ᠮᠡᠳᠡᠵᠠᠢ᠃ ᠶᠡᠭᠡ ᠠᠩᠭᠢ ᠵᠢᠨ ᠴᠠᠭᠳᠠᠭ᠎ᠠ ᠨᠠᠷ ᠭᠤᠸᠠᠩᠵᠸᠤ ᠬᠤᠳᠠ᠎ᠳᠤ ᠪᠠᠢ᠌ᠭ᠎ᠠ ᠲᠤᠰ ᠨᠡᠷᠡᠳᠤ ᠲᠡᠮᠳᠡᠭᠳᠤ ᠵᠢᠨ ᠠᠵᠤ ᠠᠬᠤᠢ᠌ᠯᠠᠯ᠎ᠲᠠᠢ  ᠬᠠᠷᠢᠯᠴᠠᠵᠤ᠂ ᠰᠡᠵᠢᠭ ᠪᠦᠬᠦᠢ ᠲᠠᠸᠠᠷ᠎ᠢ ᠲᠤᠰ ᠺᠤᠮᠫᠠᠨᠢ ᠵᠢᠨ ᠤᠢ᠌ᠯᠡᠳᠬᠦᠨ᠎ᠤ ᠬᠢᠨᠠᠨ ᠲᠤᠭᠳᠠᠭ᠋ᠠᠯᠳᠠ᠎ᠪᠠᠷ ᠰᠢᠯᠭ᠋ᠠᠨ ᠪᠠᠢ᠌ᠴᠠᠭ᠋ᠠᠬᠤ᠎ᠪᠠᠷ ᠲᠠᠮᠵᠢᠭ᠋ᠠᠳ᠂ ᠬᠠᠭᠤᠷᠮᠠᠭ ᠲᠠᠸᠠᠷ᠎ᠤᠨ ᠲᠡᠮᠳᠡᠭ᠎ᠲᠠᠢ ᠤᠢ᠌ᠯᠡᠳᠬᠦᠨ ᠪᠤᠯᠬᠤ ᠵᠢ ᠲᠤᠳᠤᠯᠠᠵᠦ᠂ ᠰᠢᠯᠢ  ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠬᠠᠤ ᠲᠤᠪᠴᠢᠶᠠᠨ᠎ᠠᠴᠠ ᠬᠡᠷᠡᠭ ᠪᠤᠯᠭ᠋ᠠᠨ ᠲᠠᠩᠰᠠᠯᠠᠵᠦ ᠲᠤᠷᠰᠢᠨ ᠪᠠᠢ᠌ᠴᠠᠭ᠋ᠠᠪᠠ᠃  ᠵᠠᠳᠠᠯᠤᠨ ᠰᠢᠨᠵᠢᠯᠡᠵᠦ ᠰᠤᠳᠤᠯᠤᠨ ᠮᠠᠭ᠋ᠠᠳᠯᠠᠭᠰᠠᠨ ᠵᠶ᠋ᠠᠷ᠂  ᠨᠢᠭᠡᠨ ᠸᠠᠩ ᠤᠪᠤᠭᠳᠤ ᠵᠢᠨ ᠲᠦᠷᠢᠶᠡᠰᠦᠯᠡᠨ ᠰᠠᠭᠤᠭᠰᠠᠨ ᠲᠤᠮᠤ ᠬᠦᠷᠢᠶ᠎ᠡ᠎ᠲᠠᠢ ᠪᠠᠢ᠌ᠰᠢᠩ ᠲᠤᠩ ᠰᠡᠵᠢᠭ᠎ᠲᠠᠢ ᠪᠠᠢ᠌ᠵᠦ᠂ ᠰᠤᠴᠢᠮᠠᠭ ᠪᠠᠢ᠌ᠴᠠᠭ᠋ᠠᠯᠳᠠ᠎ᠪᠠᠷ ᠲᠤᠬᠠᠢ ᠵᠢᠨ ᠲᠠᠯᠠᠪᠠᠢ᠎ᠠᠴᠠ ᠶᠡᠭᠡ ᠭᠡᠮᠵᠢᠶᠡᠨ᠎ᠤ ᠬᠠᠭᠤᠷᠮᠠᠭ ᠮᠠᠭᠤ ᠱᠠᠭ᠋ᠠᠵᠠᠩ ᠲᠤᠭᠤᠰᠬᠠᠨ ᠴᠠᠪᠠᠤ ᠵᠢ ᠢᠯᠡᠷᠡᠬᠦᠯᠪᠡ᠃ ᠪᠠᠢ᠌ᠴᠠᠭ᠋ᠠᠭᠰᠠᠨ ᠵᠶ᠋ᠠᠷ᠂ ᠬᠡᠷᠡᠭ᠎ᠤᠨ ᠰᠡᠵᠢᠭᠳᠡᠨ ᠸᠠᠩ ᠤᠪᠤᠭᠳᠤ  ᠲᠤᠰ ᠲᠠᠸᠠᠷ᠎ᠤᠨ  ᠲᠡᠮᠳᠡᠭ᠎ᠢ ᠲᠠᠩᠰᠠᠯᠠᠭᠤᠯᠤᠭᠰᠠᠨ ᠬᠤᠯᠪᠤᠭᠳᠠᠯ ᠪᠦᠬᠦᠢ ᠠᠵᠤ ᠠᠬᠤᠢ᠌ᠯᠠᠯ᠎ᠠᠴᠠ ᠲᠠᠸᠠᠷ ᠤᠢ᠌ᠯᠡᠳᠪᠤᠷᠢᠯᠡᠬᠦ ᠬᠢᠷᠢ ᠬᠡᠮ ᠪᠠ ᠵᠦᠪᠰᠢᠶᠡᠷᠡᠯ ᠎ᠤᠨ ᠡᠷᠭᠡ ᠤᠯᠤᠭᠰᠠᠨ ᠦᠭᠡᠢ ᠨᠦᠬᠦᠴᠡᠯ ᠲᠤᠤᠷ᠎ᠠ᠂ ᠪᠤᠰᠤᠳ ᠮᠤᠵᠢ ᠤᠷᠤᠨ᠎ᠠᠴᠠ ᠲᠦᠬᠦᠭᠡᠢ ᠮᠠᠲᠸᠷᠢᠶᠠᠯ ᠬᠤᠳᠠᠯᠳᠤᠨ ᠠᠪᠴᠦ᠂ ᠱᠠᠭ᠋ᠠᠵᠠᠩ ᠲᠤᠭᠤᠰᠬᠠᠨ ᠴᠠᠪᠠᠦ ᠵᠢ ᠲᠤᠷ᠎ᠠ᠎ᠪᠠᠷ ᠵᠶ᠋ᠠᠨ ᠤᠢ᠌ᠯᠡᠳᠪᠦᠷᠢᠯᠡᠬᠦ ᠵᠢᠨ ᠬᠠᠮᠳᠤ᠂ ᠰᠦᠯᠵᠢᠶᠡᠨ ᠲᠡᠭᠡᠷ᠎ᠡ᠎ᠠᠴᠠ ᠨᠡᠷᠡᠳᠤ ᠲᠡᠮᠳᠡᠭᠳᠤ ᠵᠢᠨ ᠲᠡᠮᠳᠡᠭ ᠦᠰᠦᠭ ᠬᠡᠪᠯᠡᠭᠰᠡᠨ ᠤᠯᠠᠨ ᠵᠤᠢ᠌ᠯ᠎ᠤᠨ ᠪᠤᠭᠤᠳᠠᠯ ᠪᠠᠭᠯᠠᠭ᠎ᠠ ᠬᠤᠳᠠᠯᠳᠤᠨ ᠠᠪᠴᠦ  ᠪᠤᠭᠤᠳᠠᠯᠯᠠᠨ᠂ ᠲᠠᠬᠢᠨ ᠡᠯ᠎ᠡ ᠪᠠᠷᠢᠯᠭ᠎ᠠ ᠵᠢᠨ ᠮᠠᠲᠸᠷᠢᠶᠠᠯ᠎ᠤᠨ ᠲᠡᠯᠭᠡᠭᠦᠷ᠎ᠲᠤ ᠬᠦᠷᠭᠡᠵᠦ ᠪᠤᠷᠤᠯᠠᠭᠤᠯᠪᠠ᠃ ᠰᠢᠬᠦᠨ ᠠᠰᠠᠭᠤᠬᠤ᠎ᠪᠠᠷ ᠲᠠᠮᠵᠢᠭ᠋ᠠᠳ᠂ ᠬᠡᠷᠡᠭ᠎ᠤᠨ ᠰᠡᠵᠢᠭᠳᠡᠨ ᠸᠠᠩ ᠤᠪᠤᠭᠳᠤ ᠲᠠᠩᠰᠠᠯᠠᠭᠤᠯᠤᠭᠰᠠᠨ ᠲᠠᠸᠠᠷ᠎ᠤᠨ ᠲᠡᠮᠳᠡᠭᠳᠤ ᠤᠢ᠌ᠯᠡᠳᠬᠦᠨ᠎ᠢ ᠬᠠᠭᠤᠷᠮᠠᠭ ᠵᠶ᠋ᠠᠷ ᠦᠢ᠍ᠯᠡᠳᠪᠤᠷᠢᠯᠡᠨ ᠪᠤᠷᠤᠯᠠᠭᠤᠯᠤᠭᠰᠠᠨ ᠬᠠᠤᠯᠢ ᠪᠤᠰᠤ ᠠᠵᠢᠯᠯᠠᠭ᠎ᠠ᠎ᠪᠠᠨ ᠦᠴᠢᠭᠯᠡᠨ ᠮᠡᠳᠡᠷᠡᠪᠡ᠃
 mmexport1722258351083.jpg   


    ᠤᠳᠤᠬᠠᠨ᠎ᠳᠤ᠂ ᠬᠡᠷᠡᠭ᠎ᠤᠨ ᠰᠡᠵᠢᠭᠳᠡᠨ ᠸᠠᠩ ᠤᠪᠤᠭᠳᠤ (ᠡᠷᠡᠭᠳᠠᠢ᠂ 50 ᠨᠠᠰᠤᠳᠠᠢ)᠎ᠳᠤ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ ᠎ᠠᠴᠠ ᠬᠠᠤᠯᠢ ᠶᠤᠰᠤᠭ᠋ᠠᠷ ᠡᠷᠡᠬᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠦ᠂ ᠬᠡᠷᠡᠭ᠎ᠢ ᠤᠯᠠᠮ ᠨᠢᠭᠡ ᠠᠯᠬᠤᠮ  ᠪᠠᠢ᠌ᠴᠠᠭ᠋ᠠᠨ ᠰᠢᠢ᠍ᠳᠪᠤᠷᠢᠯᠡᠵᠦ ᠪᠠᠢ᠌ᠨ᠎ᠠ᠃
     ᠬᠠᠤᠯᠢ ᠵᠢᠨ ᠲᠠᠢ᠌ᠯᠪᠤᠷᠢ᠄ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》 ᠵᠢᠨ ᠬᠤᠶᠠᠷ ᠵᠠᠭᠤ ᠠᠷᠪᠠᠨ ᠲᠦᠷᠪᠡᠳᠦᠭᠡᠷ ᠵᠤᠢ᠌ᠯ᠎ᠤᠨ ᠲᠤᠭᠳᠠᠭ᠋ᠠᠯ᠎ᠢ ᠦᠨᠳᠦᠰᠦᠯᠡᠪᠡᠯ᠂ ᠬᠠᠭᠤᠷᠮᠠᠭ ᠲᠠᠩᠰᠠᠯᠠᠭᠤᠯᠤᠭᠰᠠᠨ ᠲᠠᠸᠠᠷ᠎ᠤᠨ ᠲᠡᠮᠳᠡᠭᠳᠤ ᠲᠠᠸᠠᠷ᠎ᠢ ᠪᠤᠷᠤᠯᠠᠭᠤᠯᠤᠭᠰᠠᠨ ᠶᠠᠯ᠎ᠠ ᠭᠡᠳᠡᠭ᠎ᠨᠢ  ᠲᠠᠩᠰᠠᠯᠠᠭᠤᠯᠤᠭᠰᠠᠨ ᠲᠠᠸᠠᠷ᠎ᠤᠨ ᠲᠡᠮᠳᠡᠭᠳᠦ ᠵᠢᠨ ᠦᠰᠦᠭ ᠵᠢᠷᠤᠭ᠎ᠢ ᠬᠠᠳᠠᠭᠰᠠᠨ ᠬᠤᠳᠠᠯ ᠬᠠᠭᠤᠷᠮᠠᠭ ᠲᠠᠸᠠᠷ ᠪᠤᠯᠬᠤ ᠵᠢ ᠮᠡᠳᠡᠵᠦ ᠪᠠᠢ᠌ᠭ᠋ᠠᠳ ᠪᠤᠷᠤᠯᠠᠭᠤᠯᠤᠭᠰᠠᠨ ᠪᠦᠭᠡᠳ ᠪᠤᠷᠤᠯᠠᠭᠤᠯᠤᠭᠰᠠᠨ ᠬᠠᠤᠯᠢ ᠪᠤᠰᠤ ᠠᠰᠢᠭ ᠬᠤᠨᠵᠢᠪᠤᠷᠢ ᠵᠢᠨ ᠵᠤᠭᠤᠰ᠎ᠤᠨ ᠲᠤᠭ᠎ᠠ᠎ᠨᠢ ᠨᠡᠯᠢᠶᠡᠳ ᠶᠡᠭᠡ ᠪᠤᠶᠤ ᠪᠤᠰᠤᠳ ᠬᠦᠨᠳᠤ ᠨᠤᠴᠢᠳᠠᠢ ᠤᠢ᠌ᠯᠡ ᠪᠠᠢ᠌ᠳᠠᠯ᠎ᠢ ᠵᠢᠭ᠋ᠠᠨ᠎ᠠ᠃ ᠪᠤᠷᠤᠯᠠᠭᠤᠯᠤᠭᠰᠠᠨ ᠬᠠᠤᠯᠢ ᠪᠤᠰᠤ ᠠᠰᠢᠭ ᠬᠤᠨᠵᠢᠪᠤᠷᠢ ᠵᠢᠨ ᠵᠤᠭᠤᠰ᠎ᠤᠨ ᠲᠤᠭ᠎ᠠ᠎ᠨᠢ ᠨᠡᠯᠢᠶᠡᠳ ᠶᠡᠭᠡ ᠪᠤᠶᠤ  ᠪᠤᠰᠤᠳ ᠬᠦᠨᠳᠤ ᠨᠤᠴᠢᠳᠠᠢ ᠤᠢ᠌ᠯᠡ ᠪᠠᠢ᠌ᠳᠠᠯ᠎ᠲᠠᠢ ᠪᠤᠯ ᠭᠤᠷᠪᠠᠨ ᠵᠢᠯ᠎ᠠᠴᠠ ᠲᠤᠭᠤᠭᠰᠢ ᠬᠤᠭᠤᠴᠠᠭ᠎ᠠ᠎ᠲᠠᠢ ᠬᠤᠷᠢᠵᠦ ᠵᠤᠭᠤᠰ ᠵᠶ᠋ᠠᠷ ᠲᠤᠷᠭᠤᠬᠤ᠎ᠪᠠᠷ ᠨᠡᠢ᠌ᠯᠡᠬᠦᠯᠦᠨ ᠰᠢᠢ᠍ᠳᠭᠡᠬᠦ ᠪᠤᠶᠤ ᠲᠠᠩ ᠵᠶ᠋ᠠᠷ ᠵᠤᠭᠤᠰ ᠵᠶ᠋ᠠᠷ ᠲᠤᠷᠭᠤᠬᠤ᠎ᠪᠠᠷ ᠰᠢᠢ᠍ᠳᠭᠡᠨ᠎ᠡ᠃ ᠪᠤᠷᠤᠯᠠᠭᠤᠯᠤᠭᠰᠠᠨ ᠵᠤᠭᠤᠰ᠎ᠤᠨ ᠲᠤᠭ᠎ᠠ᠎ᠨᠢ ᠤᠨᠴᠠ ᠶᠡᠭᠡ ᠪᠠᠢ᠌ᠬᠤ ᠪᠤᠶᠤ ᠪᠤᠰᠤᠳ ᠤᠨᠴᠠᠭ᠋ᠠᠢ ᠬᠦᠨᠳᠤ ᠨᠤᠴᠢᠳᠠᠢ ᠤᠢ᠌ᠯᠡ ᠪᠠᠢ᠌ᠳᠠᠯ᠎ᠲᠠᠢ ᠪᠤᠯ᠂ ᠭᠤᠷᠪᠠᠨ ᠵᠢᠯ᠎ᠠᠴᠠ ᠲᠡᠭᠡᠭᠰᠢ ᠠᠷᠪᠠᠨ ᠵᠢᠯ᠎ᠠᠴᠠ ᠳᠣᠷᠤᠭᠰᠢ ᠬᠤᠭᠤᠴᠠᠭ᠎ᠠ᠎ᠲᠠᠢ ᠬᠤᠷᠢᠬᠤ᠎ᠪᠠᠷ ᠰᠢᠢ᠍ᠳᠬᠡᠵᠦ᠂ ᠵᠤᠭᠤᠰ ᠵᠶ᠋ᠠᠷ ᠲᠤᠷᠭ᠋ᠠᠬᠤ᠎ᠪᠠᠷ ᠨᠡᠢ᠌ᠯᠡᠬᠦᠯᠦᠨ ᠰᠢᠢ᠍ᠳᠭᠡᠨ᠎ᠡ᠃ (ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ  ᠤᠶᠤᠨᠴᠢᠮᠡᠭ ᠮᠡᠳᠡᠭᠡᠯᠡᠪᠡ)

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠳᠣᠲᠤᠭ᠋ᠠᠳᠤ ᠵᠢ ᠬᠠᠮᠠᠭ᠋ᠠᠯᠠᠬᠤ ᠳᠤᠪᠴᠢᠶ᠎ᠠ