ᠦᠢᠯᠡᠴᠢᠯᠡᠭᠡ   -   ᠨᠢᠭᠡᠳᠤᠭᠡᠷ ᠹᠷᠤᠨᠲ
ᠪᠠᠶᠠᠨᠬᠤᠰᠢᠭᠤ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠤᠰᠤᠲᠤᠯ᠎ᠢ ᠴᠡᠪᠡᠷᠯᠡᠵᠦ ᠠᠷᠠᠳ᠎ᠤᠨ ᠬᠦᠴᠢᠷᠳᠡᠯ᠎ᠢ᠎ᠨᠢ ᠰᠢᠢ᠍ᠳᠪᠦᠷᠢᠯᠡᠪᠡ
ᠨᠡᠶ᠋ᠢᠲᠡᠯᠡᠭᠰᠡᠨ ᠴᠠᠭ᠄ 2024-10-17

    ᠣᠢ᠌ᠷ᠎ᠠ᠎ᠳᠤ᠂ ᠰᠢᠯᠢ ᠵᠢᠨ ᠭᠣᠣᠯ ᠠᠢ᠌ᠮᠠᠭ᠎ᠤᠨ ᠤᠯᠠᠭ᠋ᠠᠢ ᠬᠠᠮᠢᠶᠠᠷᠤᠯᠲᠠ ᠵᠢᠨ ᠣᠷᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠪᠠᠶᠠᠨᠬᠤᠰᠢᠭᠤ ᠪᠠᠯᠭ᠋ᠠᠰᠤᠨ᠎ᠤ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠣᠯᠠᠨ ᠲᠦᠮᠡᠨ᠎ᠤ ᠲᠥᠭᠰᠢᠭᠦᠷᠢ ᠮᠡᠳᠡᠭᠦᠯᠦᠯᠳᠡ ᠵᠢ ᠲᠣᠰᠬᠤ᠎ᠳᠤ᠂ ᠬᠡᠳᠦᠨ ᠡᠳᠦᠷ ᠰᠢᠷᠦᠭᠦᠨ ᠪᠣᠷᠣᠭ᠋ᠠᠨ ᠣᠷᠣᠭᠰᠠᠨ᠎ᠠᠴᠠ ᠭᠡᠷ ᠡᠷᠥᠬᠡ᠎ᠨᠢ ᠤᠰᠤᠨ᠎ᠳᠤ ᠬᠠᠰᠢᠭᠳᠠᠵᠤ ᠲᠤᠰᠠᠯᠠᠮᠵᠢ ᠭᠤᠶᠤᠴᠢᠯᠠᠭᠰᠠᠨ ᠤᠳᠠᠰᠤ ᠪᠠᠢ᠌ᠪᠠ᠃
强降雨.jpg   


    ᠵᠢᠵᠢᠭᠦᠷᠯᠡᠵᠦ ᠪᠠᠶ᠋ᠢᠭ᠎ᠠ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠷᠡ ᠳᠠᠷᠤᠶ ᠲᠤᠬᠠᠶ ᠵᠢᠨ ᠲᠠᠯᠠᠪᠤᠷ᠎ᠲᠤ ᠬᠦᠷᠴᠦ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠬᠡᠷ ᠳᠣᠲᠣᠷᠠᠬᠢ ᠪᠣᠶ ᠪᠥᠬᠦᠶ ᠴᠠᠬᠢᠯᠭ᠋ᠠᠨ᠎ᠢ ᠰᠠᠯᠭ᠋ᠠᠵᠤ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠭᠰᠠᠨ᠎ᠤ ᠳᠠᠷᠠᠭ᠎ᠠ ᠨᠠᠰᠤᠲᠠᠨ᠎ᠢ ᠬᠠᠪᠰᠤᠷᠤᠨ ᠬᠤᠷᠠᠭᠰᠠᠨ ᠤᠰᠤ ᠵᠢ ᠴᠠᠭ ᠭᠠᠷᠤᠶ ᠵᠢᠨ ᠴᠢᠷᠮᠠᠶ᠋ᠢᠯᠭ᠎ᠠ᠎ᠪᠠᠷ ᠳᠡᠮᠵᠢᠨ ᠪᠦᠬᠦᠨ᠎ᠢ ᠭᠠᠳᠠᠭᠰᠢᠯᠠᠭᠤᠯᠵᠤ ᠥᠭᠪᠡ᠃ (ᠮᠡᠳᠡᠭᠡᠯᠡᠭᠴᠢ᠄ ᠤᠯᠠᠭ᠋ᠠᠢ ᠬᠠᠮᠢᠶᠠᠷᠤᠯᠲᠠ ᠵᠢᠨ ᠣᠷᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ  ᠭᠠᠩᠪᠤᠯᠤᠳ)

 

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠤᠪᠴᠢᠶ᠎ᠠ