6 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠠᠯᠠᠱ᠌ᠠ ᠠᠢ᠌ᠮᠠᠭ᠎ᠤᠨ ᠡᠵᠡᠨ᠎ᠡ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠬᠡ ᠠᠩᠭᠢ 《ᠵᠠᠷᠢᠮ ᠬᠥᠮᠦᠨ ᠥᠪᠡᠷ ᠵᠶ᠋ᠠᠨ ᠦᠢ᠍ᠯᠡᠳᠦᠭᠰᠡᠨ ᠳᠠᠷᠢ ᠵᠢ ᠬᠡᠷᠡᠭᠯᠡᠨ ᠨᠢᠭᠡᠨ ᠠᠭᠤᠷᠬᠠᠶ ᠵᠢᠨ ᠣᠷᠣᠨ᠎ᠳᠤ ᠬᠤᠯᠠᠭ᠋ᠠᠶ᠋ᠢᠯᠠᠨ ᠮᠠᠯᠲᠠᠬᠤ ᠠᠵᠢᠯᠯᠠᠭ᠎ᠠ ᠬᠢᠵᠦ ᠪᠠᠶ᠋ᠢᠨ᠎ᠠ》 ᠭᠡᠬᠦ ᠢᠯᠡᠴᠢᠯᠡᠨ ᠮᠡᠳᠡᠭᠦᠯᠦᠭᠰᠡᠨ ᠰᠦᠪᠡᠭᠴᠢ ᠵᠢ ᠣᠯᠵᠡᠶ᠃ ᠡᠭᠦᠨᠴᠡ ᠠᠯᠠᠱ᠌ᠠ ᠠᠶ᠋ᠢᠮᠠᠭ᠂ ᠡᠵᠡᠨ᠎ᠡ ᠬᠣᠰᠢᠭᠤᠨ᠎ᠤ ᠬᠣᠶᠠᠷ ᠱᠠᠲᠤᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠲᠡᠷᠡ ᠳᠠᠷᠤᠢ᠎ᠳᠤ᠎ᠨᠢ ᠲᠤᠰᠬᠠᠢ ᠬᠡᠷᠡᠭ᠎ᠤᠨ ᠳᠤᠭᠤᠶ᠋ᠢᠯᠠᠩ ᠪᠠᠶ᠋ᠢᠭᠤᠯᠵᠤ ᠮᠦᠷᠳᠡᠨ ᠪᠠᠢ᠌ᠴᠠᠭ᠋ᠠᠬᠤ ᠠᠵᠢᠯ ᠵᠶ᠋ᠠᠨ ᠥᠷᠨᠢᠭᠦᠯᠵᠡᠢ᠃ ᠲᠤᠰᠬᠠᠶ ᠬᠡᠷᠡᠭ᠎ᠤᠨ ᠳᠤᠭᠤᠶ᠋ᠢᠯᠠᠩ᠎ᠤᠨ᠎ᠬᠢᠨ ᠬᠡᠷᠡᠭᠲᠡᠨᠤ ᠶᠠᠭ ᠬᠡᠷᠡᠭ ᠬᠢᠵᠤ ᠪᠠᠢ᠌ᠬᠤ᠎ᠳᠤ᠎ᠨᠢ ᠲᠠᠭ᠋ᠠᠷᠠᠭᠤᠯᠵᠤ ᠪᠠᠷᠢᠪᠴᠢᠯᠠᠬᠤ᠎ᠪᠠᠷ ᠲᠣᠭᠲᠠᠵᠤ᠂ ᠬᠠᠮᠢᠶ᠎ᠠ ᠪᠦᠬᠦᠢ ᠪᠡᠯᠡᠳᠬᠡᠯ ᠠᠵᠢᠯ ᠵᠶ᠋ᠠᠨ ᠳᠠᠭᠤᠰᠬᠠᠵᠤ ᠳᠣᠬᠢᠶᠠᠯ᠎ᠢ ᠬᠦᠯᠢᠶᠡᠨ᠂ ᠲᠤᠬᠠᠶ ᠵᠢᠨ ᠲᠠᠯᠠᠪᠤᠷ᠎ᠲᠤ ᠶᠠᠭ ᠬᠠᠤᠯᠢ ᠪᠤᠰᠤ᠎ᠪᠠᠷ ᠳᠡᠯᠪᠡᠴᠢᠬᠦ ᠠᠵᠢᠯ ᠬᠢᠵᠦ ᠪᠠᠶ᠋ᠢᠭᠰᠠᠨ ᠼᠤᠤ ᠣᠪᠣᠭᠲᠤ ᠵᠡᠷᠭᠡ ᠬᠥᠮᠦᠰ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠳᠡᠯᠪᠡᠷᠡᠬᠦ ᠡᠳ᠋ ᠪᠣᠳᠠᠰ᠎ᠢ 344.4 ᠺᠢᠯᠣᠭ᠌ᠷᠠᠮ ᠬᠤᠷᠢᠶᠠᠮᠵᠢᠯᠠᠨ ᠠᠪᠴᠠᠶ᠃

ᠰᠢᠭᠦᠨ ᠠᠰᠠᠭᠤᠬᠤ᠎ᠪᠠᠷ ᠳᠠᠮᠵᠢᠭ᠋ᠠᠳ᠂ ᠶᠠᠯ᠎ᠠ ᠬᠢᠭᠰᠡᠨ ᠰᠡᠵᠢᠭᠳᠡᠨ ᠼᠤᠤ ᠣᠪᠣᠭᠲᠤ ᠵᠡᠷᠭᠡ ᠬᠥᠮᠦᠰ ᠠᠰᠢᠭ ᠣᠯᠬᠤ ᠵᠢᠨ ᠲᠥᠯᠥᠭᠡ᠂ ᠨᠢᠭᠡᠨ ᠡᠵᠡᠨ ᠦᠭᠡᠶ ᠴᠠᠬᠢᠭᠤᠷ ᠴᠢᠯᠠᠭᠤᠨ᠎ᠤ ᠠᠭᠤᠷᠬᠠᠶ ᠵᠢ ᠬᠠᠮᠲᠤ᠎ᠪᠠᠷ ᠬᠤᠯᠠᠭ᠋ᠠᠶ᠋ᠢᠯᠠᠨ ᠮᠠᠯᠲᠠᠬᠤ᠎ᠪᠠᠷ ᠵᠥᠪᠳᠡᠯᠴᠡᠵᠦ᠂ ᠬᠡᠷᠡᠭ ᠬᠢᠬᠦ᠎ᠳᠤ ᠳᠦᠬᠦᠮ ᠪᠠᠢ᠌ᠬᠤ ᠵᠢᠨ ᠲᠤᠰᠠᠳᠠ᠂ ᠲᠡᠳᠡ ᠵᠠᠪᠰᠠᠷ᠎ᠤᠨ (ᠭᠤᠷᠪᠠᠳᠡᠬᠢ) ᠬᠥᠮᠦᠨ ᠶᠠᠩ ᠣᠪᠣᠭᠲᠤ᠎ᠪᠠᠷ ᠳᠠᠮᠵᠢᠭᠤᠯᠤᠨ ᠭᠠᠨᠰᠦ ᠮᠤᠵᠢ ᠵᠢᠨ ᠵᠢᠨ ᠲᠠ ᠰᠢᠶᠠᠨ᠎ᠤ ᠵᠠᠩ ᠣᠪᠣᠭᠲᠤ᠎ᠲᠠᠢ ᠬᠠᠷᠢᠯᠴᠠᠵᠤ᠂ ᠲᠣᠨ ᠪᠦᠷᠢ᠎ᠳᠤ᠎ᠪᠠᠨ 3 ᠲᠦᠮᠡᠨ ᠲᠥᠭᠥᠷᠢᠭ᠎ᠤᠨ ᠦᠨ᠎ᠡ᠎ᠪᠠᠷ 2 ᠲᠣᠨ ᠳᠡᠯᠪᠡᠷᠡᠬᠦ ᠪᠣᠳᠠᠰ᠎ᠢ ᠬᠤᠳᠠᠯᠳᠤᠨ ᠠᠪᠤᠭᠰᠠᠨ ᠪᠥᠭᠡᠳ ᠵᠠᠩ ᠣᠪᠣᠭᠲᠤ ᠬᠥᠮᠦᠨ ᠲᠣᠮᠢᠯᠠᠨ ᠳᠡᠯᠪᠡᠷᠡᠬᠦ ᠪᠣᠳᠠᠰ᠎ᠢ ᠲᠣᠭᠲᠠᠭᠰᠠᠨ ᠭᠠᠵᠠᠷ᠎ᠲᠤ ᠨᠢᠭᠤᠴᠠ᠎ᠪᠠᠷ ᠬᠦᠷᠭᠡᠭᠦᠯᠵᠡᠢ᠃
ᠲᠤᠰᠬᠠᠶ ᠬᠡᠷᠡᠭ᠎ᠤᠨ ᠳᠤᠭᠤᠶ᠋ᠢᠯᠠᠩ᠎ᠤᠨ ᠠᠷᠠᠳ᠎ᠤᠨ ᠴᠠᠭᠳᠠᠭ᠎ᠠ ᠵᠢᠨ ᠲᠠᠨᠢᠯᠴᠠᠭᠤᠯᠤᠭᠰᠠᠨ ᠵᠶ᠋ᠠᠷ᠂ ᠶᠠᠯ᠎ᠠ ᠬᠢᠭᠰᠡᠨ ᠰᠡᠵᠢᠭᠳᠡᠨ ᠵᠠᠩ ᠣᠪᠣᠭᠲᠤ ᠪᠣᠯ ᠭᠠᠨᠰᠦ ᠮᠤᠵᠢ ᠵᠢᠨ ᠵᠢᠨ ᠲᠠ ᠰᠢᠶᠠᠨ᠎ᠤ ᠬᠥᠮᠦᠨ ᠮᠥᠨ᠂ ᠣᠯᠠᠨ ᠵᠢᠯ᠎ᠤᠨ ᠲᠤᠷᠰᠢ ᠳᠡᠯᠪᠡᠷᠡᠬᠦ ᠪᠣᠳᠠᠰ᠎ᠢ ᠦᠢ᠍ᠯᠡᠳᠬᠦ᠂ ᠵᠥᠭᠡᠭᠡᠪᠦᠷᠢᠯᠡᠬᠦ᠂ ᠬᠠᠳᠠᠭ᠋ᠠᠯᠠᠬᠤ᠂ ᠠᠷᠠᠯᠵᠢᠶᠠᠯᠠᠬᠤ ᠬᠠᠤᠯᠢ ᠪᠤᠰᠤ ᠠᠵᠢᠯᠯᠠᠭ᠎ᠠ ᠬᠢᠭᠰᠡᠭᠡᠷ ᠢᠷᠡᠭᠰᠡᠨ ᠪᠥᠭᠡᠳ ᠣᠶ᠋ᠢᠷ᠎ᠠ ᠬᠠᠪᠢ ᠵᠢᠨ ᠭᠠᠵᠠᠷ ᠣᠷᠣᠨ᠎ᠳᠤ 《ᠨᠡᠷ᠎ᠡ ᠴᠤᠤᠲᠠᠢ》 ᠪᠣᠯᠵᠠᠢ᠃ ᠵᠠᠩ ᠣᠪᠣᠭᠲᠤ 2 ᠠᠵᠢᠯᠴᠢᠨ᠎ᠢ ᠤᠷᠳᠤ ᠬᠤᠭᠤᠴᠠᠭ᠎ᠠ᠎ᠪᠠᠷ ᠬᠥᠯᠥᠰᠥᠯᠡᠨ ᠲᠡᠳᠡᠨ᠎ᠳᠤ ᠳᠡᠯᠪᠡᠷᠡᠬᠦ ᠪᠣᠳᠠᠰ ᠦᠢ᠍ᠯᠡᠳᠴᠦ ᠥᠭᠴᠡᠶ᠂ ᠭᠡᠪᠡᠴᠦ ᠳᠠᠷᠢ ᠦᠢ᠍ᠯᠡᠳᠬᠦ ᠬᠤᠪᠢᠶᠠᠷᠢᠯᠠᠯᠲᠠ ᠵᠢᠨ ᠬᠠᠷᠢᠴᠠᠯ᠎ᠢ ᠲᠡᠷᠡ ᠵᠥᠪᠬᠡᠨ ᠥᠪᠡᠷ ᠵᠶ᠋ᠠᠨ ᠡᠵᠡᠮᠰᠢᠵᠡᠶ᠃

ᠬᠡᠷᠡᠭ ᠰᠢᠢ᠍ᠳᠪᠦᠷᠢᠯᠡᠬᠦ ᠶᠠᠪᠤᠴᠠ᠎ᠳᠤ᠂ ᠲᠤᠰᠬᠠᠶ ᠬᠡᠷᠡᠭ᠎ᠤᠨ ᠳᠤᠭᠤᠶ᠋ᠢᠯᠠᠩ᠎ᠤᠨ᠎ᠬᠢᠨ ᠨᠡᠶ᠋ᠢᠲᠡ 8 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠳᠡᠯᠪᠡᠷᠡᠬᠦ ᠡᠳ᠋ ᠦᠢ᠍ᠯᠡᠳᠬᠦ ᠨᠢᠭᠡ ᠭᠠᠵᠠᠷ᠎ᠢ ᠢᠯᠡᠷᠡᠭᠦᠯᠵᠡᠢ᠃ ᠶᠠᠯ᠎ᠠ ᠬᠢᠭᠰᠡᠨ ᠰᠡᠵᠢᠭᠳᠡᠨ ᠼᠤᠤ ᠣᠪᠣᠭᠲᠤ ᠵᠢᠨ ᠬᠠᠤᠯᠢ ᠪᠤᠰᠤ᠎ᠪᠠᠷ ᠬᠤᠳᠠᠯᠳᠤᠨ ᠠᠪᠤᠭᠰᠠᠨ 2 ᠲᠣᠨ ᠳᠡᠯᠪᠡᠷᠡᠬᠦ ᠪᠣᠳᠠᠰ᠎ᠢ ᠪᠦᠬᠦᠨ᠎ᠢ᠎ᠨᠢ ᠪᠠᠶ᠋ᠢᠴᠠᠭ᠋ᠠᠨ ᠬᠤᠷᠢᠶᠠᠮᠵᠢᠯᠠᠵᠠᠶ᠃
ᠣᠳᠣᠬᠠᠨ᠎ᠳᠤ ᠲᠤᠰ ᠬᠡᠷᠡᠭ᠎ᠢ ᠤᠯᠠᠮ ᠨᠢᠭᠡ ᠠᠯᠬᠤᠮ ᠰᠢᠢ᠍ᠳᠪᠦᠷᠢᠯᠡᠵᠦ ᠪᠠᠶ᠋ᠢᠨ᠎ᠠ᠃ (ᠮᠡᠳᠡᠭᠡᠯᠡᠭᠴᠢ᠄ ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠨᠠᠷᠠᠨᠪᠠᠲᠤ)