ᠦᠢᠯᠡᠴᠢᠯᠡᠭᠡ   -   ᠨᠢᠭᠡᠳᠤᠭᠡᠷ ᠹᠷᠤᠨᠲ
ᠦᠶᠤᠸᠠᠨ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠡᠷᠡᠭ᠎ᠲᠤ ᠬᠤᠯᠪᠣᠭᠳᠠᠭᠰᠠᠨ ᠨᠢᠭᠡ ᠪᠦᠯᠦᠭ ᠡᠳ᠋ ᠪᠣᠳᠠᠰ᠎ᠢ ᠲᠥᠪᠯᠡᠷᠡᠭᠦᠯᠦᠨ ᠤᠰᠠᠳᠬᠠᠪᠠ
ᠨᠡᠶ᠋ᠢᠲᠡᠯᠡᠭᠰᠡᠨ ᠴᠠᠭ᠄ 2024-10-17

    9 ᠳ᠋ᠤᠭ᠋ᠠᠷ ᠰᠠᠷ᠎ᠠ ᠵᠢᠨ 5᠎ᠤ ᠦᠳᠡ ᠵᠢᠨ ᠬᠤᠶ᠋ᠢᠨ᠎ᠠ᠂ ᠪᠠᠶᠠᠨᠨᠠᠭᠤᠷ ᠬᠣᠲᠠ ᠵᠢᠨ ᠦᠶᠤᠸᠠᠨ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠡᠷᠡᠭ᠎ᠲᠤ ᠬᠤᠯᠪᠣᠭᠳᠠᠭᠰᠠᠨ ᠡᠳ᠋ ᠪᠣᠳᠠᠰ᠎ᠢ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ ᠥᠷᠨᠢᠭᠦᠯᠵᠦ᠂ ᠡᠯ᠎ᠡ ᠲᠤᠰᠬᠠᠶ ᠠᠵᠢᠯᠯᠠᠭ᠎ᠠ᠂ ᠬᠡᠷᠡᠭ᠎ᠢ ᠳᠡᠩᠨᠡᠨ ᠰᠢᠢ᠍ᠳᠪᠦᠷᠢᠯᠡᠬᠦ ᠳᠤᠮᠳᠠ ᠬᠤᠷᠢᠶᠠᠨ ᠠᠪᠤᠭᠰᠠᠨ 5 ᠲᠠᠮᠠᠬᠢᠨ ᠮᠠᠰᠢᠨ᠂ 5 ᠬᠡᠰᠡᠭ ᠨᠠᠪᠴᠢᠨ ᠲᠠᠮᠠᠬᠢᠨ ᠮᠠᠰᠢᠨ᠎ᠤ ᠭᠤᠣᠯ ᠬᠠᠪᠲᠠᠰᠤ᠂ 269 ᠢᠵᠢ (38633) ᠮᠠᠵᠢᠶᠠᠩ ᠫᠠᠢ᠂ 8 ᠮᠠᠵᠢᠶᠠᠩ ᠪᠥᠰ ᠪᠣᠯᠣᠨ᠎ᠠ; 10 ᠬᠥᠵᠥᠷ ᠵᠡᠷᠭᠡ ᠬᠡᠷᠡᠭ᠎ᠤᠨ ᠡᠳ᠋ ᠪᠣᠳᠠᠰ᠎ᠢ ᠲᠥᠪᠯᠡᠷᠡᠭᠦᠯᠦᠨ ᠢᠯᠡ᠎ᠪᠠᠷ ᠤᠰᠠᠳᠬᠠᠪᠠ᠃
 DSC01279.JPG  


    ᠦᠶᠤᠸᠠᠨ ᠰᠢᠶᠠᠨ᠎ᠤ ᠴᠠᠭᠳᠠᠭ᠋ᠠᠨ᠎ᠤ ᠲᠠᠯ᠎ᠠ ᠵᠢᠨ᠎ᠬᠢᠨ ᠡᠯ᠎ᠡ ᠲᠦᠷᠦᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠢᠮᠠᠭᠲᠠ ᠴᠢᠩᠭ᠎ᠠ ᠴᠣᠬᠢᠯᠲᠠ ᠥᠭᠬᠦ ᠪᠠᠶ᠋ᠢᠳᠠᠯ᠎ᠢ ᠪᠠᠲᠤᠯᠠᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠡᠮᠬᠢ ᠵᠢᠷᠤᠮ᠎ᠲᠠᠢ ᠠᠬᠢᠭᠤᠯᠬᠤ ᠵᠢ ᠪᠠᠷᠢᠮᠲᠠᠯᠠᠭᠰᠠᠭ᠋ᠠᠷ ᠢᠷᠡᠵᠠᠢ᠃ ᠢᠯᠠᠩᠭᠤᠶ᠎ᠠ ᠵᠤᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠠᠵᠢᠯ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠴᠠᠭᠳᠠᠭ᠋ᠠᠨ᠎ᠤ ᠲᠠᠯ᠎ᠠ ᠵᠢᠨ᠎ᠬᠢᠨ ᠨᠢᠭᠡ ᠪᠦᠯᠦᠭ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠤᠯᠢ ᠵᠢ ᠵᠥᠷᠢᠴᠡᠭᠰᠡᠨ ᠬᠥᠮᠦᠰ᠎ᠢ ᠵᠠᠯᠬᠠᠭ᠋ᠠᠨ ᠰᠢᠢ᠍ᠳᠬᠡᠵᠦ᠂ ᠬᠡᠷᠡᠭ᠎ᠲᠤ ᠬᠤᠯᠪᠣᠭᠳᠠᠭᠰᠠᠨ ᠨᠢᠭᠡ ᠪᠦᠯᠦᠭ ᠪᠣᠳᠠᠰ᠎ᠢ ᠬᠤᠷᠢᠶᠠᠨ ᠠᠪᠴᠤ᠂ ᠢᠯᠡᠳᠲᠡ ᠦᠷ᠎ᠡ ᠪᠦᠳᠦᠮᠵᠢ ᠣᠯᠪᠠ᠃
DSC01304.JPG   


     ᠬᠡᠷᠡᠭ᠎ᠲᠤ ᠬᠤᠯᠪᠣᠭᠳᠠᠭᠰᠠᠨ ᠡᠳ᠋ ᠪᠣᠳᠠᠰ᠎ᠢ ᠲᠥᠪᠯᠡᠷᠡᠭᠦᠯᠦᠨ ᠤᠰᠠᠳᠬᠠᠬᠤ ᠠᠵᠢᠯᠯᠠᠭ᠎ᠠ᠎ᠪᠠᠷ ᠳᠠᠮᠵᠢᠭᠤᠯᠤᠨ᠂ ᠢᠳᠡᠪᠬᠢᠲᠡᠶ᠎ᠪᠠᠷ ᠤᠬᠠᠭᠤᠯᠬᠤ ᠪᠠ ᠰᠦᠷᠳᠡᠭᠦᠯᠬᠦ ᠦᠢ᠍ᠯᠡᠳᠦᠯ ᠦᠵᠡᠭᠦᠯᠦᠭᠰᠡᠨ ᠵᠶ᠋ᠠᠷ ᠪᠠᠷᠠᠬᠤ ᠥᠬᠡᠶ᠂ ᠬᠠᠤᠯᠢ᠎ᠠᠴᠠ ᠵᠥᠷᠢᠴᠡᠭᠰᠡᠨ ᠶᠠᠯᠠᠲᠤ ᠡᠲᠡᠭᠡᠳ᠎ᠲᠤ ᠬᠦᠴᠦᠲᠡᠶ ᠴᠣᠬᠢᠯᠲᠠ ᠥᠭᠭᠦᠭᠰᠡᠨ ᠪᠥᠭᠡᠳ ᠨᠠᠩ ᠴᠤ᠌ ᠦᠶᠤᠸᠠᠨ ᠰᠢᠠᠶᠨ᠎ᠤ ᠴᠠᠭᠳᠠᠭ᠋ᠠᠨ᠎ᠤ ᠲᠠᠯ᠎ᠠ ᠵᠢᠨ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠡᠶ᠋ᠢᠭᠡᠮ᠎ᠤᠨ ᠠᠮᠤᠷ ᠲᠦᠪᠰᠢᠨ᠎ᠤ ᠲᠣᠪᠤᠶ᠋ᠢᠮ᠎ᠠ ᠠᠰᠠᠭᠤᠳᠠᠯ᠎ᠢ ᠴᠡᠭᠴᠡᠯᠡᠨ ᠵᠠᠰᠠᠵᠤ᠂ ᠰᠢᠶᠠᠨ᠎ᠤ ᠬᠡᠪᠴᠢᠶᠡᠨ᠎ᠤ ᠠᠮᠤᠷ ᠲᠦᠪᠰᠢᠨ ᠲᠣᠭᠲᠠᠭᠤᠨ᠎ᠤ ᠡᠭᠦᠷᠭᠡᠯᠡᠯ ᠪᠠ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠪᠡ᠃ ᠦᠶᠤᠸᠠᠨ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠤᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠵᠢ ᠠᠬᠢᠭᠤᠯᠤᠭᠰᠠᠨ ᠦᠷ᠎ᠡ ᠳ᠋ᠦᠩ ᠪᠠ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠲᠡᠭᠡᠯ ᠵᠣᠷᠢᠭ᠎ᠢ ᠭᠦᠢ᠍ᠴᠡᠳ ᠢᠯᠡᠷᠡᠭᠦᠯᠪᠡ᠃ ᠡᠭᠦᠨ᠎ᠤ ᠬᠠᠮᠲᠤ᠂ ᠨᠡᠶ᠋ᠢᠭᠡᠮ᠎ᠤᠨ ᠲᠠᠯ᠎ᠠ ᠵᠢᠨ ᠰᠡᠷᠭᠡᠶ᠋ᠢᠯᠡᠨ ᠡᠵᠡᠮᠳᠡᠬᠦ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠤᠯᠢ ᠵᠢ ᠵᠥᠷᠢᠴᠡᠵᠦ ᠶᠠᠯ᠎ᠠ ᠬᠢᠬᠦ ᠣᠷᠣᠨ ᠵᠠᠢ ᠵᠢ ᠰᠢᠬᠠᠨ ᠳᠠᠷᠤᠵᠤ᠂ ᠬᠠᠤᠯᠢ ᠵᠢ ᠵᠥᠷᠢᠴᠡᠵᠦ ᠶᠠᠯ᠎ᠠ ᠬᠢᠬᠦ ᠠᠵᠢᠯᠯᠠᠭ᠎ᠠ ᠵᠢ ᠰᠦᠷᠳᠡᠭᠦᠯᠵᠦ᠂ ᠨᠡᠶ᠋ᠢᠭᠡᠮ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠨᠡᠶ᠋ᠢᠭᠡᠮ᠎ᠤᠨ ᠬᠡᠪ ᠰᠤᠷᠲᠠᠯ᠎ᠢ ᠴᠡᠪᠡᠷᠰᠢᠭᠦᠯᠪᠡ᠃ (ᠮᠡᠳᠡᠭᠡᠯᠡᠭᠴᠢ᠄ ᠦᠶᠤᠸᠠᠨ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ  ᠫᠸᠢ ᠶᠠᠨ ᠫᠧᠩ)

 

ᠢᠷᠡᠯᠲᠡ᠄ ᠪᠠᠶᠠᠨᠨᠠᠭᠤᠷ ᠬᠤᠲᠠ ᠵᠢᠨ ᠳᠣᠲᠤᠭ᠋ᠠᠳᠤ ᠵᠢ ᠬᠠᠮᠠᠭ᠋ᠠᠯᠠᠬᠤ ᠳᠤᠪᠴᠢᠶ᠎ᠠ