7 ᠳ᠋ᠤᠭ᠋ᠠᠷ ᠰᠠᠷᠠ ᠵᠢᠨ 15ᠤ ᠡᠳᠦᠷ᠂ ᠰᠢᠯᠢ ᠵᠢᠨ ᠭᠣᠤᠯ ᠠᠢ᠌ᠮᠠᠭᠤᠨ ᠰᠦᠨᠢᠳ ᠪᠠᠷᠠᠭᠤᠨ ᠬᠤᠰᠢᠭᠤᠨᠤ ᠬᠠᠷᠢᠶᠠᠲᠤ ᠣᠷᠣᠨᠤ ᠰᠠᠭᠤᠭ᠋ᠠᠯᠢ ᠠᠷᠠᠳ ᠮᠡ᠊ xx ᠬᠤᠰᠢᠭᠤᠨᠤ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶᠠᠨᠳᠤ ᠢᠷᠡᠵᠦ᠂ ᠲᠡᠭᠦᠨᠤ ᠨᠠᠢ᠌ᠵᠠ ᠬᠣᠣ᠋ xx ᠵᠢᠭᠡᠯᠡᠯᠭᠡ ᠲᠦᠯᠦᠬᠦᠪᠠᠷ ᠰᠢᠯᠲᠠᠭ ᠪᠣᠯᠭ᠋ᠠᠨ 35 ᠲᠦᠮᠡᠨ ᠲᠥᠭᠦᠷᠢᠭ ᠵᠢᠭᠡᠯᠡᠵᠡᠢ᠂ ᠰᠡᠭᠦᠯᠡᠷᠨᠢ ᠬᠣᠣ᠋ xx ᠣᠭᠲᠣ ᠴᠢᠮᠡᠭᠡ ᠠᠨᠢᠷ ᠦᠭᠡᠢ ᠪᠣᠯᠬᠤᠷ ᠰᠠᠶᠢ ᠮᠡᠬᠡᠯᠡᠭᠳᠡᠭᠰᠡᠨ ᠵᠶ᠋ᠠᠨ ᠮᠡᠳᠡᠪᠡ ᠭᠡᠰᠡᠨ ᠲᠥᠭᠰᠢᠭᠦᠷᠢ ᠮᠡᠳᠡᠭᠦᠯᠪᠡ᠃
ᠬᠡᠷᠡᠭᠢ ᠤᠶ᠋ᠢᠯᠭ᠋ᠠᠭᠰᠠᠨ ᠳᠠᠷᠠᠭᠠ᠂ ᠰᠥᠨᠢᠳ ᠪᠠᠷᠠᠭᠤᠨ ᠬᠤᠰᠢᠭᠤᠨᠤ ᠳᠡᠳ᠋ ᠬᠤᠰᠢᠭᠤᠨ ᠳᠠᠷᠤᠭᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨᠤ ᠳᠠᠷᠤᠭᠠ ᠵᠣᠣ ᠶᠦᠩ ᠳᠡᠭᠡᠳᠦ ᠬᠡᠮᠵᠢᠶᠡᠪᠠᠷ ᠴᠢᠬᠤᠯᠠᠴᠢᠯᠠᠨ ᠦᠵᠡᠵᠦ᠂ ᠡᠷᠡᠭᠦᠦ ᠵᠢᠨ ᠬᠡᠷᠡᠭᠢ ᠲᠠᠩᠨᠠᠨ ᠪᠠᠢ᠍ᠴᠠᠭ᠋ᠠᠬᠤ ᠶᠡᠭᠡ ᠠᠩᠭᠢᠠᠴᠠ ᠶᠠᠯᠠ ᠬᠢᠭᠰᠡᠨ ᠰᠡᠵᠢᠭᠲᠡᠨᠢ ᠦᠳᠲᠡᠷ ᠲᠦᠷᠭᠡᠨ ᠵᠶ᠋ᠠᠷ ᠰᠦᠯᠵᠢᠶᠡᠨ ᠲᠡᠭᠡᠷᠡ ᠪᠠᠷᠢᠪᠴᠢᠯᠠᠬᠤᠪᠠᠷ ᠵᠠᠷᠯᠠᠬᠤ ᠶᠠᠯᠠᠲᠠᠨᠤ ᠡᠩᠨᠡᠭᠡᠳᠤ ᠣᠷᠣᠭᠤᠯᠬᠤ ᠵᠢᠨ ᠬᠠᠮᠲᠤ ᠲᠠᠩᠨᠠᠨ ᠢᠯᠡᠷᠡᠭᠦᠯᠬᠦ ᠠᠵᠢᠯ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠵᠠᠢ᠃ ᠬᠡᠷᠡᠭ ᠰᠢᠢ᠍ᠳᠪᠦᠷᠢᠯᠡᠬᠦ ᠠᠷᠠᠳᠤᠨ ᠴᠠᠭᠳᠠᠭᠠ ᠲᠡᠷᠡ ᠳᠠᠷᠤᠢ ᠪᠠᠢ᠌ᠴᠠᠭ᠋ᠠᠯᠲᠠ ᠬᠢᠵᠦ᠂ ᠠᠯᠬᠤᠮ ᠠᠯᠬᠤᠮ ᠵᠶ᠋ᠠᠷ ᠰᠢᠭᠰᠢᠨ ᠪᠠᠢ᠌ᠴᠠᠭ᠋ᠠᠵᠤ᠂ ᠨᠠᠷᠢᠨ ᠨᠢᠮᠪᠠᠢ ᠰᠤᠳᠤᠯᠤᠨ ᠮᠠᠭ᠋ᠠᠳᠯᠠᠭ᠋ᠠᠳ᠂ ᠴᠠᠭᠳᠠᠭᠠ ᠵᠢᠨ ᠶᠠᠪᠤᠳᠠᠯᠤᠨ ᠲᠤᠰᠠᠯᠠᠬᠤ ᠶᠡᠭᠡ ᠠᠩᠭᠢ ᠵᠢᠨ ᠬᠠᠮᠵᠢᠯᠴᠠᠭᠠ ᠳᠣᠣᠷᠠ ᠬᠣᠣ᠋ xx ᠵᠢᠨ ᠠᠵᠢᠯᠯᠠᠭ᠋ᠠᠨᠤ ᠤᠯᠠ ᠮᠥᠷᠢ ᠣᠨᠣᠪᠴᠢᠲᠠᠢ ᠲᠣᠭᠲᠠᠭ᠋ᠠᠭᠰᠠᠨ ᠪᠠᠢ᠌ᠨᠠ᠃ ᠬᠡᠷᠡᠭ ᠰᠢᠢ᠍ᠳᠪᠦᠷᠢᠯᠡᠬᠦ ᠲᠤᠭᠤᠢ᠌ᠯᠠᠩᠤᠨ ᠠᠷᠠᠳᠤᠨ ᠴᠠᠭᠳᠠᠭᠠ 7 ᠳ᠋ᠤᠭ᠋ᠠᠷ ᠰᠠᠷᠠ ᠵᠢᠨ 20ᠤ ᠡᠳᠦᠷ ᠰᠢᠯᠤᠭᠤᠨ ᠬᠥᠬᠡ ᠬᠤᠰᠢᠭᠤᠨᠳᠤ ᠬᠦᠷᠴᠦ᠂ ᠲᠤᠬᠠᠢ ᠵᠢᠨ ᠭᠠᠵᠠᠷᠤᠨ ᠲᠤᠳᠤᠭ᠋ᠠᠳᠤ ᠵᠢ ᠬᠠᠮᠠᠭ᠋ᠠᠯᠠᠬᠤ ᠪᠠᠢ᠍ᠭᠤᠯᠤᠯᠭᠠ ᠵᠢᠨ ᠬᠠᠪᠰᠤᠷᠤᠯᠭᠠ ᠳᠣᠣᠷᠠ ᠬᠣᠣ᠋ xx ᠵᠢ ᠠᠮᠵᠢᠯᠳᠠᠲᠠᠢ ᠪᠠᠷᠢᠪᠴᠢᠯᠠᠪᠠ᠃
ᠣᠳᠣᠬᠠᠨᠳᠤ᠂ ᠶᠠᠯᠠ ᠬᠢᠭᠰᠡᠨ ᠰᠡᠵᠢᠭᠲᠡᠨ ᠬᠣᠣ᠋ xxᠳᠤ ᠰᠥᠨᠢᠳ ᠪᠠᠷᠠᠭᠤᠨ ᠬᠤᠰᠢᠭᠤᠨᠤ ᠲᠣᠳᠤᠭ᠋ᠠᠳᠤ ᠵᠢ ᠬᠠᠮᠠᠭ᠋ᠠᠯᠠᠬᠤ ᠳᠣᠪᠴᠢᠶᠠᠨᠠᠴᠠ ᠨᠢᠭᠡᠨᠲᠡ ᠬᠠᠤᠯᠢ ᠶᠣᠰᠣᠭ᠋ᠠᠷ ᠡᠷᠡᠭᠦᠦ ᠵᠢᠨ ᠬᠡᠷᠡᠭᠤᠨ ᠠᠯᠪᠠᠳᠠᠯᠭᠠ ᠵᠢᠨ ᠠᠷᠭᠠ ᠬᠡᠮᠵᠢᠶᠡ ᠠᠪᠴᠤ᠂ ᠬᠡᠷᠡᠭᠢ ᠤᠯᠠᠮ ᠴᠢᠨᠠᠭᠰᠢᠳᠠ ᠲᠠᠩᠨᠠᠨ ᠰᠢᠢ᠍ᠳᠪᠦᠷᠢᠯᠡᠵᠦ ᠪᠣᠢ᠃