ᠦᠢᠯᠡᠴᠢᠯᠡᠭᠡ   -   ᠨᠢᠭᠡᠳᠤᠭᠡᠷ ᠹᠷᠤᠨᠲ
ᠤᠷᠠᠳ᠎ᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 35 ᠵᠢᠯ᠎ᠤᠨ ᠡᠮᠦᠨᠡᠬᠢ ᠠᠮᠢᠨ ᠬᠡᠷᠡᠭ᠎ᠤᠨ ᠣᠷᠭᠤᠳᠠᠭᠤᠯ ᠶᠠᠯᠠᠲᠠᠨ᠎ᠢ ᠪᠠᠷᠢᠪᠴᠢᠯᠠᠪᠠ
ᠨᠡᠶ᠋ᠢᠲᠡᠯᠡᠭᠰᠡᠨ ᠴᠠᠭ᠄ 2024-10-17

     5 ᠳ᠋ᠤᠭ᠋ᠠᠷ ᠰᠠᠷ᠎ᠠ ᠵᠢᠨ 15᠎ᠤ ᠦᠳᠡ ᠵᠢᠨ ᠬᠤᠶ᠋ᠢᠨ᠎ᠠ᠂ ᠪᠠᠶᠠᠨᠨᠠᠭᠤᠷ ᠬᠤᠲᠠ ᠵᠢᠨ ᠤᠷᠠᠳ᠎ᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ 35 ᠵᠢᠯ ᠤᠷᠭᠤᠨ ᠳᠤᠲᠠᠭ᠋ᠠᠭᠰᠠᠨ ᠠᠮᠢᠨ ᠬᠡᠷᠡᠭ᠎ᠤᠨ ᠣᠷᠭᠤᠳᠠᠭᠤᠯ ᠶᠠᠯᠠᠲᠠᠨ᠎ᠢ ᠪᠠᠷᠢᠪᠴᠢᠯᠠᠪᠠ᠃ 35 ᠵᠢᠯ ᠣᠪᠣᠭ ᠨᠡᠷ᠎ᠡ᠎ᠪᠠᠨ ᠨᠢᠭᠤᠨ ᠳᠠᠯᠳᠠᠯᠠᠵᠤ ᠳᠥᠷᠪᠡᠨ ᠵᠦᠭ᠎ᠲᠤ ᠲᠡᠨᠦᠭᠦᠴᠢᠯᠡᠭᠰᠡᠨ ᠪᠤᠯᠪᠠᠴᠤ ᠡᠴᠦᠰ᠎ᠲᠤ᠎ᠪᠠᠨ ᠬᠠᠤᠯᠢ ᠴᠠᠭ᠋ᠠᠵᠠ ᠵᠢᠨ ᠰᠢᠢ᠍ᠳᠭᠡᠯ᠎ᠠᠴᠠ ᠮᠤᠯᠲᠤᠷᠠᠵᠤ ᠴᠢᠳᠠᠭᠰᠠᠨ ᠦᠭᠡᠢ᠂ ᠡᠨᠡ ᠬᠦ᠌ 35 ᠵᠢᠯ᠎ᠤᠨ ᠡᠮᠦᠨᠡᠬᠢ ᠱᠠᠨ ᠰᠢ ᠮᠤᠵᠢ᠎ᠳᠤ ᠡᠭᠦᠰᠦᠭᠰᠡᠨ ᠬᠥᠮᠥᠨ ᠠᠯᠠᠭᠰᠠᠨ ᠬᠡᠷᠡᠭ᠎ᠢ ᠠᠮᠵᠢᠯᠲᠠ᠎ᠲᠠᠢ᠎ᠪᠠᠷ ᠢᠯᠡᠷᠡᠭᠦᠯᠪᠡ᠃
图片1.png    


    ᠣᠢ᠌ᠷ᠎ᠠ᠎ᠳᠤ᠂ ᠤᠷᠠᠳ᠎ᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠡᠷᠳᠡᠨᠢᠪᠤᠯᠠᠭ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠡᠷᠳᠡᠨᠢᠪᠤᠯᠠᠭ ᠰᠤᠮᠤ ᠵᠢᠨ ᠭᠦᠨᠬᠤᠳᠳᠤᠭ ᠭᠠᠴᠠᠭ᠋ᠠᠨ᠎ᠳᠤ ᠰᠣᠷᠪᠤᠯᠵᠢᠯᠠᠨ ᠪᠠᠢ᠌ᠴᠠᠭ᠋ᠠᠬᠤ ᠦᠶ᠎ᠡ᠎ᠳᠤ ᠨᠢᠭᠡᠨ ᠮᠠᠯᠴᠢᠨ᠎ᠤ ᠬᠥᠯᠥᠰᠥᠯᠡᠭᠰᠡᠨ ᠬᠤᠨᠢᠴᠢᠨ᠎ᠤ ᠪᠡᠶ᠎ᠡ ᠵᠢᠨ ᠦᠨᠡᠮᠯᠡᠯ᠂ ᠡᠷᠦᠬᠡ ᠠᠮᠠ ᠵᠢᠨ ᠳᠡᠪᠲᠡᠷ ᠵᠡᠷᠭᠡ ᠬᠦᠴᠦᠨ ᠪᠦᠬᠦᠢ ᠪᠡᠶ᠎ᠡ ᠵᠢᠨ ᠦᠨᠡᠮᠯᠡᠯ ᠦᠭᠡᠢ ᠵᠢ ᠣᠯᠵᠤ ᠮᠡᠳᠡᠭᠡᠳ᠂ ᠡᠨᠡ᠎ᠨᠢ ᠠᠷᠠᠳ᠎ᠤᠨ ᠴᠠᠭᠳᠠᠭ᠎ᠠ ᠵᠢᠨ ᠠᠩᠬᠠᠷᠤᠯ᠎ᠢ ᠮᠠᠰᠢ ᠲᠠᠲᠠᠪᠠ᠃ ᠠᠷᠠᠳ᠎ᠤᠨ ᠴᠠᠭᠳᠠᠭ᠎ᠠ ᠡᠨᠡ ᠬᠦ᠌ ᠬᠤᠨᠢᠴᠢᠨ᠎ᠲᠠᠢ ᠣᠶ᠋ᠢᠯᠠᠭ᠋ᠠᠯᠲᠠ᠎ᠪᠠᠷ ᠳᠠᠮᠵᠢᠨ᠂ ᠬᠤᠨᠢᠴᠢᠨ ᠯᠢ ᠣᠪᠣᠭᠲᠤ᠂ ᠱᠠᠨ ᠰᠢ ᠨᠤᠲᠤᠭ᠎ᠲᠠᠢ ᠬᠦᠮᠦᠨ᠂ ᠵᠢᠯ ᠲᠤᠷᠰᠢ ᠪᠤᠶ᠋ᠢᠳᠠ ᠪᠥᠭᠯᠡᠭᠦᠤ ᠮᠠᠯᠵᠢᠬᠤ ᠣᠷᠣᠨ᠎ᠳᠤ ᠬᠤᠨᠢ ᠬᠠᠷᠢᠭᠤᠯᠵᠤ ᠠᠮᠢᠳᠤᠷᠠᠭᠰᠠᠭ᠋ᠠᠷ ᠢᠷᠡᠪᠡ᠃ ᠡᠶ᠋ᠢᠮᠦ᠎ᠠᠴᠠ ᠪᠡᠶ᠎ᠡ ᠵᠢᠨ ᠦᠨᠡᠮᠯᠡᠯ ᠪᠠ ᠡᠷᠦᠬᠡ ᠠᠮᠠ ᠵᠢᠨ ᠳᠡᠪᠲᠡᠷ᠎ᠢ ᠶᠡᠷᠦ᠎ᠨᠢ ᠭᠦᠢ᠍ᠴᠡᠳᠬᠡᠵᠦ ᠥᠩᠭᠡᠷᠡᠭᠰᠡᠨ ᠦᠭᠡᠢ᠃ ᠬᠤᠨᠢᠴᠢᠨ᠎ᠤ ᠬᠠᠩᠭ᠋ᠠᠭᠰᠠᠨ ᠣᠪᠣᠭ ᠨᠡᠷ᠎ᠡ ᠵᠢᠨ ᠮᠡᠳᠡᠭᠡ ᠵᠠᠩᠭᠢ ᠵᠢ ᠬᠢᠨᠠᠨ ᠪᠠᠢ᠌ᠴᠠᠭ᠋ᠠᠭᠰᠠᠨ᠎ᠤ ᠳᠠᠷᠠᠭ᠎ᠠ ᠡᠢ᠌ᠮᠦᠷᠬᠦ ᠬᠥᠮᠦᠨ ᠪᠠᠢ᠌ᠬᠤ ᠦᠭᠡᠢ ᠭᠡᠳᠡᠭ᠎ᠢ ᠢᠯᠡᠷᠡᠭᠦᠯᠵᠦ᠂ ᠴᠠᠭᠳᠠᠭ᠎ᠠ ᠨᠠᠷ᠎ᠢ ᠨᠡᠩ ᠰᠡᠵᠢᠭ ᠠᠪᠤᠭᠤᠯᠪᠠ᠃ ᠠᠷᠠᠳ᠎ᠤᠨ ᠴᠠᠭᠳᠠᠭ᠎ᠠ ᠲᠤᠰ ᠬᠥᠮᠦᠨ᠎ᠢ ᠡᠬᠢᠯᠡᠨ ᠠᠩᠬᠠᠷᠴᠤ᠂ ᠳᠠᠬᠢᠨ ᠳᠠᠪᠲᠠᠨ ᠪᠠᠢ᠌ᠴᠠᠭ᠋ᠠᠨ ᠰᠤᠳᠤᠯᠵᠤ ᠮᠠᠭ᠋ᠠᠳᠯᠠᠭ᠋ᠠᠳ ᠪᠠᠢ᠌ᠴᠠᠭ᠋ᠠᠯᠲᠠ᠎ᠪᠠᠷ ᠳᠠᠮᠵᠢᠨ᠂ ᠲᠤᠰ ᠡᠷᠡᠭᠲᠡᠢ 35 ᠵᠢᠯ᠎ᠤᠨ ᠡᠮᠦᠨᠡᠬᠢ ᠱᠠᠨ ᠱ᠌ᠢ ᠮᠣᠵᠢ ᠵᠢᠨ ᠬᠢᠯᠢ ᠳᠣᠲᠣᠷᠠᠬᠢ ᠵᠣᠷᠢᠭᠤᠳᠠ ᠬᠥᠮᠦᠨ ᠠᠯᠠᠭᠰᠠᠨ ᠬᠡᠷᠡᠭ᠎ᠲᠤ ᠬᠣᠯᠪᠤᠭᠳᠠᠵᠤ ᠪᠠᠢ᠌ᠬᠤ ᠵᠢ ᠢᠯᠡᠷᠡᠭᠦᠯᠪᠡ᠃ ᠤᠷᠠᠳ᠎ᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠡᠷᠳᠡᠨᠢᠪᠤᠯᠠᠭ ᠰᠤᠮᠤᠨ᠎ᠤ ᠲᠣᠮᠢᠯᠠᠭᠰᠠᠨ ᠰᠠᠯᠪᠤᠷᠢ ᠪᠣᠯᠤᠨ ᠡᠷᠡᠭᠦᠦ ᠵᠢᠨ ᠬᠡᠷᠡᠭ᠎ᠢ ᠪᠠᠢ᠌ᠴᠠᠭ᠋ᠠᠬᠤ ᠶᠡᠭᠡ ᠠᠩᠭᠢ ᠲᠡᠷᠡ ᠳᠠᠷᠤᠢ ᠲᠤᠰ ᠡᠷᠡᠭᠲᠡᠢ ᠵᠢ ᠪᠠᠷᠢᠪᠴᠢᠯᠠᠵᠠᠢ᠃ ᠰᠢᠭᠦᠨ ᠠᠰᠠᠭᠤᠬᠤ᠎ᠪᠠᠷ ᠳᠠᠮᠵᠢᠭ᠋ᠠᠳ᠂ ᠲᠣᠰ ᠡᠷᠡᠭᠲᠡᠶ ᠶᠠᠯ᠎ᠠ ᠬᠢᠭᠰᠡᠨ ᠪᠣᠳᠠᠲᠤ ᠬᠡᠷᠡᠭ ᠵᠶ᠋ᠠᠨ ᠦᠨᠡᠨ ᠪᠣᠳᠠᠲᠠᠶ᠎ᠪᠠᠷ ᠲᠤᠰᠢᠶᠠᠭᠰᠠᠨ ᠪᠥᠭᠡᠳ ᠲᠡᠭᠦᠨ᠎ᠤ ᠦᠨᠡᠨ ᠪᠣᠳᠠᠲᠠᠶ ᠣᠪᠣᠭ ᠨᠡᠷ᠎ᠡ᠎ᠪᠠᠨ ᠭᠦ᠋ ᠣᠪᠤᠭᠲᠤ ᠪᠣᠯᠬᠤ ᠵᠢ ᠲᠤᠰᠢᠶᠠᠪᠠ᠃
    1989 ᠣᠨ᠎ᠤ 11 ᠰᠠᠷ᠎ᠠ᠎ᠳᠤ ᠱᠠᠨ ᠰᠢ ᠮᠤᠵᠢ ᠵᠢᠨ ᠳ᠋ᠠᠲ᠋ᠦ᠋ᠩ ᠬᠤᠲᠠ᠎ᠳᠤ ᠬᠥᠯᠥᠰᠥᠨ ᠠᠵᠢᠯ ᠬᠢᠵᠦ ᠪᠠᠶ᠋ᠢᠭᠰᠠᠨ ᠭᠦ᠋ ᠣᠪᠣᠭᠲᠤ ᠬᠠᠮᠲᠤ ᠠᠵᠢᠯ ᠬᠢᠭᠰᠡᠳ᠎ᠲᠠᠢ᠎ᠪᠠᠨ ᠴᠠᠯᠢᠩ ᠬᠦᠯᠦᠰᠦ ᠵᠢᠨ ᠵᠠᠭᠤᠷᠠᠯᠳᠤᠭ᠋ᠠᠨ ᠡᠭᠦᠰᠴᠦ᠂ ᠠᠭᠤᠷ ᠬᠦᠷᠦᠭᠰᠡᠨ ᠬᠦᠴᠦᠨ᠎ᠳᠤ᠎ᠪᠠᠨ ᠬᠠᠮᠲᠤ ᠠᠵᠢᠯ ᠬᠢᠵᠦ ᠪᠠᠢ᠌ᠭᠰᠠᠨ ᠯᠢ ᠣᠪᠣᠭᠲᠠᠨ᠎ᠢ ᠠᠯᠠᠭ᠋ᠠᠳ ᠤᠷᠭᠤᠨ ᠲᠤᠳᠠᠭ᠋ᠠᠪᠠ᠃
    ᠣᠳᠣᠬᠠᠨ᠎ᠳᠤ᠂ ᠬᠥ᠋ ᠣᠪᠣᠭᠲᠤ ᠵᠢ ᠱᠠᠨ ᠰᠢ ᠮᠤᠵᠢ ᠵᠢᠨ ᠳ᠋ᠠᠲ᠋ᠦ᠋ᠩ᠎ᠤᠨ ᠴᠠᠭᠳᠠᠭ᠋ᠠᠨ᠎ᠤ ᠲᠠᠯ᠎ᠠ᠎ᠳᠤ ᠰᠢᠯᠵᠢᠭᠦᠯᠦᠨ ᠲᠤᠰᠢᠶᠠᠬᠤ᠎ᠪᠠᠷ ᠪᠣᠯᠪᠠ᠃ (ᠤᠷᠠᠳ᠎ᠤᠨ ᠡᠮᠦᠨᠡᠲᠦ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ  ᠦ᠊· ᠲᠤᠶᠠᠭ᠎ᠠ ᠮᠡᠳᠡᠭᠡᠯᠡᠪᠡ)

 

ᠢᠷᠡᠯᠲᠡ᠄ ᠪᠠᠶᠠᠨᠨᠠᠭᠤᠷ ᠬᠣᠲᠠ ᠵᠢᠨ ᠳᠣᠲᠤᠭ᠋ᠠᠳᠤ ᠵᠢ ᠬᠠᠮᠠᠭ᠋ᠠᠯᠠᠬᠤ ᠲᠤᠪᠴᠢᠶ᠎ᠠ