ᠦᠢᠯᠡᠴᠢᠯᠡᠭᠡ   -   ᠨᠢᠭᠡᠳᠤᠭᠡᠷ ᠹᠷᠤᠨᠲ
ᠬᠠᠶ᠋ᠢᠨᠠᠨ ᠲᠣᠭᠣᠷᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶ᠎ᠠ ᠨᠢᠭᠡᠨ ᠬᠠᠭᠤᠷᠮᠠᠭ ᠡᠳ᠋ ᠦᠢ᠍ᠯᠡᠳᠬᠦ ᠨᠢᠭᠤᠴᠠ ᠣᠷᠤᠮᠵᠢ ᠵᠢ ᠰᠦᠢ᠍ᠷᠡᠭᠦᠯᠪᠡ
ᠨᠡᠶ᠋ᠢᠲᠡᠯᠡᠭᠰᠡᠨ ᠴᠠᠭ᠄ 2024-11-12

    ᠦᠬᠠᠶ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠬᠠᠶ᠋ᠢᠨᠠᠨ ᠲᠣᠭᠣᠷᠢᠭ᠎ᠤᠨ ᠵᠠᠮ ᠬᠠᠷᠢᠯᠴᠠᠭ᠋ᠠᠨ᠎ᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠣᠷᠴᠢᠮᠬᠠᠨ᠎ᠳᠤ ᠵᠢᠵᠢᠭᠦᠷᠯᠡᠵᠦ ᠪᠠᠶ᠋ᠢᠬᠤ᠎ᠳᠤ᠎ᠪᠠᠨ ᠵᠢᠯᠣᠭᠣᠴᠢ ᠵᠢᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ ᠵᠢᠯᠣᠭᠣᠴᠢ ᠵᠢ ᠪᠠᠢ᠌ᠴᠠᠭ᠋ᠠᠨ ᠢᠯᠡᠷᠡᠭᠦᠯᠪᠡ᠃ ᠬᠡᠷᠡᠭ ᠰᠢᠢ᠍ᠳᠪᠦᠷᠢᠯᠡᠬᠦ ᠰᠠᠯᠠᠭ᠎ᠠ ᠮᠥᠴᠢᠷ ᠬᠠᠷᠢᠶ᠎ᠠ ᠣᠷᠣᠨ᠎ᠤ ᠭᠡᠷᠡᠴᠢ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ ᠣᠯᠠᠨ ᠬᠡᠷᠡᠭ᠎ᠢ ᠶᠡᠷᠦᠩᠬᠡᠶ᠋ᠢᠯᠡᠨ ᠵᠠᠳᠠᠯᠤᠭ᠋ᠠᠳ᠂ ᠬᠡᠷᠡᠭ᠎ᠲᠤ ᠬᠣᠯᠪᠣᠭᠳᠠᠭᠰᠠᠨ ᠬᠠᠭᠤᠷᠮᠠᠭ ᠭᠡᠷᠡᠴᠢ᠎ᠨᠢ ᠴᠥᠮ ᠨᠢᠭᠡᠨ ᠳᠠᠷᠤᠮᠠᠯᠯᠠᠬᠤ ᠳᠡᠯᠭᠡᠭᠦᠷ᠎ᠠᠴᠠ ᠭᠠᠷᠤᠭᠰᠠᠨ᠎ᠢ ᠣᠨᠤᠰᠢᠯᠠᠪᠠ᠃ ᠤᠯᠠᠮ ᠨᠢᠭᠡ ᠠᠯᠬᠤᠮ ᠨᠠᠷᠢᠨ ᠨᠢᠮᠪᠠᠶ ᠲᠤᠷᠰᠢᠨ ᠪᠠᠢ᠌ᠴᠠᠭ᠋ᠠᠯᠲᠠ ᠪᠠ ᠰᠠᠬᠢᠨ ᠭᠡᠲᠡᠬᠦ᠎ᠪᠠᠷ ᠳᠡᠮᠵᠢᠨ᠂ ᠠᠷᠠᠳ᠎ᠤᠨ ᠴᠠᠭᠳᠠᠭ᠎ᠠ ᠲᠣᠰ ᠬᠠᠭᠤᠷᠮᠠᠭ ᠡᠳ᠋ ᠦᠢ᠍ᠯᠡᠳᠬᠦ ᠨᠢᠭᠤᠴᠠ ᠣᠷᠤᠮᠵᠢ ᠵᠢᠨ ᠪᠠᠶ᠋ᠢᠷᠢ ᠵᠢ ᠲᠣᠳᠣᠯᠠᠭᠰᠠᠨ ᠪᠥᠭᠡᠳ ᠶᠠᠯ᠎ᠠ ᠬᠢᠭᠰᠡᠨ 4 ᠰᠡᠵᠢᠭᠳᠡᠨ᠎ᠢ ᠠᠮᠵᠢᠯᠲᠠᠲᠠᠶ ᠪᠠᠷᠢᠪᠴᠢᠯᠠᠵᠤ᠂ ᠡᠯ᠎ᠡ ᠲᠥᠷᠥᠯ᠎ᠤᠨ ᠬᠠᠭᠤᠷᠮᠠᠭ ᠭᠡᠷᠡᠴᠢ ᠲᠦᠮᠡ ᠭᠠᠷᠤᠶ᠂ ᠬᠠᠭᠤᠷᠮᠠᠭ ᠠᠯᠪᠠᠨ ᠲᠠᠮᠠᠭ᠎ᠠ ᠵᠢ ᠲᠦᠮᠡ ᠰᠢᠬᠠᠮ ᠪᠠᠶ᠋ᠢᠴᠠᠭ᠋ᠠᠨ ᠬᠣᠷᠢᠶᠠᠮᠵᠢᠯᠠᠪᠠ᠃
    ᠣᠳᠣᠬᠠᠨ᠎ᠳᠤ ᠲᠤᠰ ᠬᠡᠷᠡᠭ᠎ᠢ ᠤᠯᠠᠮ ᠨᠢᠭᠡ ᠠᠯᠬᠤᠮ ᠳᠡᠩᠨᠡᠨ ᠰᠢᠢ᠍ᠳᠪᠦᠷᠢᠯᠡᠵᠦ ᠪᠠᠶ᠋ᠢᠨ᠎ᠠ᠃

ᠢᠷᠡᠯᠲᠡ᠄ ᠦᠬᠠᠢ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ