ᠣᠶ᠋ᠢᠷ᠎ᠠ᠎ᠳᠤ᠂ ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠤᠤᠷ ᠴᠠᠭ᠋ᠠᠵᠠᠯᠠᠬᠤ ᠶᠡᠬᠡ ᠠᠩᠭᠢ᠎ᠨᠢ ᠬᠣᠰᠢᠭᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠣᠰᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ ᠬᠠᠷᠢᠶ᠎ᠠ ᠣᠷᠣᠨ᠎ᠤ ᠡᠮᠨᠡᠯᠭᠡ ᠵᠢᠨ ᠬᠣᠷᠢᠶᠠᠨ᠎ᠤ ᠬᠡᠰᠡᠭ ᠬᠤᠭᠤᠴᠠᠭ᠎ᠠ ᠬᠡᠲᠦᠷᠡᠭᠰᠡᠨ᠂ ᠪᠤᠴᠠᠭ᠋ᠠᠭᠰᠠᠨ ᠮᠢᠨᠴᠦᠭᠦᠷᠡᠭᠦᠯᠬᠦ ᠡᠮ᠎ᠤᠨ ᠵᠦᠢ᠍ᠯ᠂ ᠨᠢᠭᠡᠳᠦᠭᠡᠷ ᠲᠥᠷᠥᠯ᠎ᠤᠨ ᠮᠡᠳᠡᠷᠡᠯ᠎ᠤᠨ ᠡᠮ᠎ᠤᠨ ᠵᠦᠢ᠍ᠯ ᠵᠢᠴᠢ ᠬᠣᠭᠣᠰᠤᠨ ᠠᠮᠫᠦ᠋ᠯᠢ ᠲᠥᠪᠯᠡᠷᠡᠭᠦᠯᠦᠨ ᠤᠰᠠᠳᠬᠠᠵᠤ ᠰᠢᠢ᠍ᠳᠪᠦᠷᠢᠯᠡᠪᠡ᠃

ᠤᠰᠠᠳᠬᠠᠬᠤ ᠶᠠᠪᠤᠴᠠ᠎ᠳᠤ᠂ ᠡᠯ᠎ᠡ ᠰᠠᠯᠠᠭ᠎ᠠ ᠮᠥᠴᠢᠷ᠎ᠤᠨ ᠠᠵᠢᠯᠲᠠᠨ ᠲᠤᠬᠠᠶ ᠵᠢᠨ ᠲᠠᠯᠠᠪᠤᠷ᠎ᠲᠤ ᠡᠮ᠎ᠤᠨ ᠵᠦᠢ᠍ᠯ ᠵᠢᠴᠢ ᠬᠣᠭᠣᠰᠤᠨ ᠠᠮᠫᠦ᠋ᠯᠢ ᠨᠠᠷᠢᠯᠢᠭ ᠲᠣᠭ᠋ᠠᠯᠠᠨ ᠬᠠᠷᠭᠤᠭᠤᠯᠵᠤ᠂ ᠳᠠᠷᠠᠭ᠎ᠠ᠎ᠨᠢ ᠬᠠᠮᠢᠶ᠎ᠠ ᠪᠥᠬᠥᠶ ᠬᠠᠤᠯᠢ ᠴᠠᠭ᠋ᠠᠵᠠ ᠵᠢᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠮᠣᠷᠹᠢᠨ ᠲᠠᠷᠢᠯᠭ᠎ᠠ ᠵᠢᠨ ᠰᠢᠩᠭᠡᠨ᠂ ᠫᠢᠫᠤᠷᠢᠳᠢᠨ ᠲᠠᠷᠢᠯᠭ᠎ᠠ ᠵᠢᠨ ᠰᠢᠩᠭᠡᠨ ᠵᠡᠷᠭᠡ ᠣᠯᠠᠨ ᠵᠦᠢ᠍ᠯ᠎ᠤᠨ ᠬᠤᠭᠤᠴᠠᠭ᠎ᠠ ᠬᠡᠲᠦᠷᠡᠭᠰᠡᠨ᠂ ᠪᠤᠴᠠᠭ᠋ᠠᠭᠰᠠᠨ ᠮᠢᠨᠴᠦᠷᠡᠭᠦᠯᠬᠦ ᠮᠡᠳᠡᠷᠡᠯ᠎ᠤᠨ ᠡᠮ᠎ᠤᠨ ᠵᠦᠢ᠍ᠯ ᠵᠢᠴᠢ ᠬᠣᠭᠣᠰᠤᠨ ᠠᠮᠫᠦ᠋ᠯᠢ ᠨᠢᠴᠠᠯᠵᠤ ᠬᠡᠮᠬᠡᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠤᠰᠠᠳᠬᠠᠵᠤ᠂ ᠪᠢᠲᠡᠭᠦᠮᠵᠢᠯᠡᠬᠦ᠂ ᠬᠦᠨᠳᠦ ᠵᠢ ᠬᠡᠮᠵᠢᠬᠦ᠂ ᠱᠣᠰᠢᠭ᠎ᠠ ᠵᠢ ᠲᠠᠭᠯᠠᠭᠰᠠᠨ᠎ᠤ ᠳᠠᠷᠠᠭ᠎ᠠ ᠭᠡᠮᠲᠦᠯ᠎ᠤᠨ ᠴᠢᠨᠠᠷᠲᠠᠶ ᠡᠮᠴᠢᠯᠡᠭᠡᠨ᠎ᠤ ᠬᠣᠭ ᠨᠣᠪᠰᠢ᠎ᠳᠤ ᠣᠷᠣᠭᠤᠯᠵᠤ ᠲᠥᠪᠯᠡᠷᠡᠭᠦᠯᠦᠨ ᠰᠢᠢ᠍ᠳᠪᠦᠷᠢᠯᠡᠪᠡ᠃ ᠬᠤᠤᠷ ᠴᠠᠭ᠋ᠠᠵᠠᠯᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠵᠢᠴᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠠᠵᠢᠯᠲᠠᠳ ᠤᠰᠠᠳᠬᠠᠬᠤ ᠪᠥᠬᠥ ᠶᠠᠪᠤᠴᠠ᠎ᠳᠤ ᠬᠢᠨᠠᠯᠲᠠ ᠲᠠᠯᠪᠢᠵᠤ᠂ ᠤᠰᠠᠳᠬᠠᠬᠤ ᠪᠥᠬᠥ ᠶᠠᠪᠤᠴᠠ ᠵᠢᠨ ᠵᠢᠷᠤᠮᠵᠢᠯ᠎ᠲᠠᠢ᠂ ᠲᠣᠭᠲᠠᠭ᠋ᠠᠯ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠪᠠ᠃

ᠬᠡᠰᠢᠭᠲᠡᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠤᠤᠷ ᠴᠠᠭ᠋ᠠᠵᠠᠯᠠᠬᠤ ᠶᠡᠬᠡ ᠠᠩᠭᠢ ᠮᠢᠨᠴᠦᠷᠡᠭᠦᠯᠬᠦ ᠡᠮ ᠪᠠ ᠮᠡᠳᠡᠷᠡᠯ᠎ᠤᠨ ᠡᠮ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠣᠯᠠᠨ ᠲᠦᠮᠡᠨ᠎ᠤ ᠡᠮ ᠬᠡᠷᠡᠭᠯᠡᠬᠦ ᠠᠮᠤᠷ ᠲᠦᠪᠰᠢᠨ ᠪᠠ ᠡᠮᠴᠢᠯᠡᠭᠡᠨ᠎ᠤ ᠡᠮᠬᠢ ᠳᠢᠭᠯᠢᠮ᠎ᠤᠨ ᠵᠢᠷᠤᠮᠵᠢᠯ᠎ᠢ ᠪᠠᠲᠤᠯᠠᠵᠤ᠂ 《ᠠᠮᠤᠭᠤᠯᠠᠩ ᠬᠡᠰᠢᠭᠲᠡᠨ ᠬᠣᠰᠢᠭᠤ》 ᠵᠢᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠵᠤ᠂ ᠨᠡᠶ᠋ᠢᠭᠡᠮ᠎ᠤᠨ ᠠᠮᠤᠷ ᠲᠦᠪᠰᠢᠨ᠎ᠤ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠪᠣᠶ ᠪᠣᠯᠭ᠋ᠠᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃