ᠦᠢᠯᠡᠴᠢᠯᠡᠭᠡ   -   ᠨᠢᠭᠡᠳᠤᠭᠡᠷ ᠹᠷᠤᠨᠲ
ᠵᠡᠭᠦᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠣᠣᠷᠲᠤ ᠡᠳ᠋᠎ᠤᠨ ᠤᠷᠭᠤᠮᠠᠯ᠎ᠢ ᠳᠠᠷᠢᠬᠤ ᠵᠢ ᠴᠠᠭ᠋ᠠᠵᠠᠯᠠᠵᠤ ᠠᠷᠢᠯᠭ᠋ᠠᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-10-21

      ᠤᠢ᠍ᠢ᠍ᠷ᠎ᠠ ᠵᠢᠨ ᠬᠤᠭᠤᠴᠠᠭ᠋ᠠᠨ᠎ᠳᠤ᠂ ᠰᠢᠯᠢ ᠵᠢᠨ ᠭᠣᠣᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠣᠣᠷ ᠴᠠᠭ᠋ᠠᠵᠠᠯᠠᠬᠤ ᠶᠡᠬᠡ ᠠᠩᠬᠢ ᠬᠣᠯᠪᠣᠭᠳᠠᠯ ᠪᠦᠬᠦᠢ ᠨᠢᠭᠡᠴᠢ᠎ᠲᠠᠢ ᠬᠠᠮᠲᠤᠷᠠᠨ ᠬᠠᠷᠢᠶ᠎ᠠ ᠣᠷᠣᠨ᠎ᠤ ᠭᠣᠣᠯᠳᠠᠯᠭ᠎ᠠ᠎ᠲᠠᠢ ᠣᠷᠣᠨ ᠪᠦᠰᠡ᠎ᠳᠤ ᠭᠦᠨᠵᠡᠭᠡᠶ᠋ᠢᠷᠡᠵᠦ ᠬᠣᠣᠷ ᠴᠠᠭ᠋ᠠᠵᠠᠯᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠡᠢ᠃
      ᠪᠠᠶ᠋ᠢᠴᠠᠭ᠋ᠠᠯᠲᠠ ᠬᠢᠬᠦ ᠶᠠᠪᠤᠴᠠ᠎ᠳᠤ᠂ ᠠᠷᠠᠳ᠎ᠤᠨ ᠴᠠᠭᠳᠠᠭ᠎ᠠ ᠣᠯᠠᠨ ᠲᠦᠮᠡᠨ᠎ᠳᠤ ᠬᠣᠤᠷᠲᠤ ᠡᠳ᠋᠎ᠢ ᠴᠠᠭ᠋ᠠᠵᠠᠯᠠᠬᠤ ᠮᠡᠳᠡᠯᠭᠡ ᠵᠢ ᠢᠳᠡᠪᠬᠢᠲᠡᠶ᠎ᠪᠠᠷ ᠲᠦᠭᠡᠮᠡᠯᠵᠢᠭᠦᠯᠵᠦ᠂ ᠬᠣᠤᠷᠲᠤ ᠡᠳ᠋᠎ᠤᠨ ᠬᠣᠤᠷ ᠬᠥᠨᠥᠭᠡᠯ ᠪᠠ ᠬᠣᠣᠷᠲᠤ ᠡᠳ᠋᠎ᠤᠨ ᠤᠷᠭᠤᠮᠠᠯ᠎ᠢ ᠳᠠᠷᠢᠬᠤ ᠵᠢ ᠴᠠᠭ᠋ᠠᠵᠠᠯᠠᠵᠤ ᠠᠷᠢᠯᠭ᠋ᠠᠬᠤ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠲᠠᠶ᠋ᠢᠯᠪᠤᠷᠢᠯᠠᠨ ᠥᠭᠴᠦ᠂ ᠣᠯᠠᠨ ᠲᠦᠮᠡᠨ᠎ᠤ ᠬᠣᠣᠷᠲᠤ ᠡᠳ᠋᠎ᠤᠨ ᠤᠤᠯ ᠤᠷᠭᠤᠮᠠᠯ᠎ᠢ ᠬᠠᠤᠯᠢ ᠪᠤᠰᠤ᠎ᠪᠠᠷ ᠳᠠᠷᠢᠬᠤ ᠵᠢ ᠤᠬᠠᠮᠰᠠᠷ᠎ᠠᠴᠠ᠎ᠪᠠᠨ ᠬᠤᠷᠢᠭᠯᠠᠵᠤ᠂ ᠬᠣᠤᠷᠲᠤ ᠡᠳ᠋᠎ᠤᠨ ᠤᠤᠯ ᠤᠷᠭᠤᠮᠠᠯ᠎ᠢ ᠬᠠᠤᠯᠢ ᠪᠤᠰᠤ᠎ᠪᠠᠷ ᠳᠠᠷᠢᠬᠤ ᠠᠵᠢᠯᠯᠠᠭ᠎ᠠ ᠵᠢ ᠢᠳᠡᠪᠬᠢᠲᠡᠶ᠎ᠪᠠᠷ ᠢᠯᠡᠴᠢᠯᠡᠨ ᠮᠡᠳᠡᠭᠦᠯᠬᠦ ᠵᠢ ᠵᠤᠷᠢᠭᠵᠢᠭᠤᠯᠪᠠ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ