ᠦᠢᠯᠡᠴᠢᠯᠡᠭᠡ   -   ᠨᠢᠭᠡᠳᠤᠭᠡᠷ ᠹᠷᠤᠨᠲ
72 ᠴᠠᠭ ᠦᠷᠭᠦᠯᠵᠢᠯᠡᠨ ᠪᠠᠶ᠋ᠢᠯᠳᠤᠵᠤ ᠬᠣᠣᠷ ᠲᠠᠲᠠᠬᠤ ᠨᠢᠭᠡᠨ ᠨᠢᠭᠤᠴᠠ ᠣᠷᠤᠮᠵᠢ ᠵᠢ ᠠᠮᠵᠢᠯᠲᠠ᠎ᠲᠠᠢ᠎ᠪᠠᠷ ᠪᠠᠶ᠋ᠢᠴᠠᠭ᠋ᠠᠨ ᠢᠯᠡᠷᠡᠭᠦᠯᠪᠡ
ᠨᠡᠶ᠋ᠢᠲᠡᠯᠡᠭᠰᠡᠨ ᠴᠠᠭ᠄ 2024-09-06

      ᠣᠶ᠋ᠢᠷ᠎ᠠ᠎ᠳᠤ᠂ ᠪᠤᠭᠤᠲᠤ ᠬᠣᠲᠠ ᠵᠢᠨ ᠲᠦᠮᠡᠳ ᠪᠠᠷᠠᠭᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠬᠣᠣᠷ᠎ᠢ ᠴᠠᠭ᠋ᠠᠵᠠᠯᠠᠬᠤ ᠶᠡᠬᠡ ᠠᠩᠭᠢ ᠠᠵᠢᠯ᠎ᠤᠨ ᠳᠤᠮᠳᠠ᠎ᠪᠠᠨ ᠬᠣᠤᠷᠲᠤ ᠡᠳ᠋᠎ᠲᠤ ᠬᠣᠯᠪᠣᠭᠳᠠᠭᠰᠠᠨ ᠨᠢᠭᠡ ᠰᠦᠪᠡᠭᠴᠢ ᠵᠢ ᠢᠯᠡᠷᠡᠭᠦᠯᠪᠡ᠃ ᠠᠷᠠᠳ᠎ᠤᠨ ᠴᠠᠭᠳᠠᠭ᠎ᠠ ᠲᠡᠷᠡ ᠳᠠᠷᠤᠶ᠎ᠳᠤ᠎ᠨᠢ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠡᠬᠢᠯᠡᠨ ᠬᠡᠷᠡᠭᠵᠢᠭᠦᠯᠵᠦ᠂ ᠰᠦᠪᠡᠭᠴᠢ ᠵᠢ ᠪᠠᠶ᠋ᠢᠴᠠᠭ᠋ᠠᠨ ᠵᠢᠭᠰᠠᠭ᠋ᠠᠬᠤ᠂ ᠲᠤᠷᠰᠢᠨ ᠪᠠᠶ᠋ᠢᠴᠠᠭ᠋ᠠᠵᠤ ᠰᠤᠳᠤᠯᠤᠨ ᠮᠠᠭ᠋ᠠᠳᠯᠠᠬᠤ᠂ ᠦᠷᠭᠦᠯᠵᠢᠯᠡᠨ ᠭᠡᠲᠡᠬᠦ᠂ 72 ᠴᠠᠭ᠎ᠤᠨ ᠪᠠᠢ᠌ᠯᠳᠤᠭ᠋ᠠᠨ ᠵᠶ᠋ᠠᠷ 4 ᠬᠣᠤᠷ ᠲᠠᠲᠠᠭᠴᠢ ᠵᠢ ᠪᠠᠷᠢᠪᠴᠢᠯᠠᠭᠰᠠᠨ ᠪᠥᠭᠡᠳ ᠲᠤᠬᠠᠶ ᠵᠢᠨ ᠲᠠᠯᠠᠪᠤᠷ᠎ᠲᠤ ᠬᠣᠤᠷ ᠲᠠᠲᠠᠬᠤ ᠪᠠᠭ᠋ᠠᠵᠢ ᠵᠢᠴᠢ ᠬᠣᠤᠷᠲᠤ ᠡᠳ᠋᠎ᠢ ᠪᠠᠶ᠋ᠢᠴᠠᠭ᠋ᠠᠨ ᠣᠯᠵᠠᠯᠠᠪᠠ᠃ ᠰᠢᠭᠡᠰᠦᠨ᠎ᠤ ᠦᠯᠢᠭᠡᠷ᠎ᠤᠨ ᠰᠢᠯᠭ᠋ᠠᠨ ᠪᠠᠶ᠋ᠢᠴᠠᠭ᠋ᠠᠯᠲᠠ᠎ᠪᠠᠷ ᠳᠠᠮᠵᠢᠭ᠋ᠠᠳ᠂ 4 ᠬᠥᠮᠦᠨ᠎ᠤ ᠰᠢᠯᠭ᠋ᠠᠨ ᠪᠠᠶ᠋ᠢᠴᠠᠭ᠋ᠠᠯᠲᠠ ᠵᠢᠨ ᠳ᠋ᠦᠩ᠎ᠨᠢ ᠴᠥᠮ ᠠᠷᠭ᠎ᠠ ᠴᠢᠨᠠᠷᠲᠠᠶ ᠪᠠᠶ᠋ᠢᠵᠤ᠂ 4 ᠬᠣᠤᠷ ᠲᠠᠲᠠᠭᠴᠢ ᠥᠪᠡᠷ᠎ᠤᠨ ᠬᠣᠤᠷ ᠲᠠᠲᠠᠭᠰᠠᠨ ᠬᠠᠤᠯᠢ ᠵᠢ ᠵᠥᠷᠢᠴᠡᠭᠰᠡᠨ ᠪᠣᠳᠠᠲᠤ ᠬᠡᠷᠡᠭ ᠵᠶ᠋ᠠᠨ ᠥᠴᠢᠭᠯᠡᠨ ᠮᠡᠳᠡᠷᠡᠪᠡ᠃ ᠳᠥᠷᠪᠡᠭᠦᠯᠡ᠎ᠪᠠᠨ ᠨᠢᠭᠡᠨᠲᠡ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠠᠶ᠋ᠢᠨ᠎ᠠ᠃

ᠢᠷᠡᠯᠲᠡ᠄ ᠪᠤᠭᠤᠲᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ