ᠣᠶ᠋ᠢᠷ᠎ᠠ᠎ᠳᠤ᠂ ᠰᠢᠯᠢ ᠵᠢᠨ ᠭᠣᠤᠯ ᠠᠶ᠋ᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠤᠨ ᠲᠤᠷᠰᠢᠨ ᠪᠠᠢ᠌ᠴᠠᠭ᠋ᠠᠬᠤ ᠶᠡᠬᠡ ᠠᠩᠭᠢ ᠬᠠᠷᠢᠶᠠᠲᠤ ᠣᠷᠣᠨ᠎ᠳᠤ᠎ᠪᠠᠨ ᠬᠣᠤᠷᠲᠤ ᠡᠳ᠋᠎ᠤᠨ ᠤᠷᠭᠤᠮᠠᠯ᠎ᠢ ᠲᠠᠷᠢᠬᠤ ᠵᠢ ᠴᠠᠭ᠋ᠠᠵᠠᠯᠠᠬᠤ ᠪᠠ ᠠᠷᠢᠯᠭ᠋ᠠᠬᠤ ᠲᠤᠰᠬᠠᠶ ᠪᠠᠶ᠋ᠢᠴᠠᠭ᠋ᠠᠯᠲᠠ ᠵᠢᠨ ᠠᠵᠢᠯᠯᠠᠭ᠎ᠠ ᠥᠷᠨᠢᠭᠦᠯᠵᠦ᠂ 《ᠵᠢᠯᠣᠭᠣᠴᠢ ᠦᠭᠡᠶ ᠨᠢᠰᠬᠡᠯ》 ᠵᠶ᠋ᠠᠷ ᠲᠣᠭᠣᠷᠢᠨ ᠪᠠᠶ᠋ᠢᠴᠠᠭ᠋ᠠᠬᠤ ᠪᠠ ᠬᠥᠮᠦᠨ᠎ᠤ ᠬᠦᠴᠦ᠎ᠪᠠᠷ ᠲᠣᠭᠣᠷᠢᠨ ᠪᠠᠶ᠋ᠢᠴᠠᠭ᠋ᠠᠬᠤ ᠵᠢ ᠤᠶᠠᠯᠳᠤᠭᠤᠯᠬᠤ ᠠᠷᠭ᠎ᠠ ᠵᠢ ᠠᠪᠴᠤ᠂ ᠪᠦᠬᠦ ᠲᠠᠯ᠎ᠠ᠎ᠪᠠᠷ᠂ ᠪᠦᠬᠦᠨ᠎ᠢ ᠬᠠᠮᠤᠷᠤᠨ ᠲᠣᠣᠷ ᠲᠠᠲᠠᠬᠤ ᠮᠠᠶᠢᠭ᠎ᠤᠨ ᠪᠠᠶ᠋ᠢᠴᠠᠭ᠋ᠠᠯᠲᠠ ᠥᠷᠨᠢᠭᠦᠯᠬᠦ ᠵᠢᠨ ᠬᠠᠮᠲᠤ ᠤᠯᠠᠨ ᠲᠦᠮᠡᠨ᠎ᠳᠤ ᠬᠣᠤᠷᠲᠤ ᠡᠳ᠋᠎ᠢ ᠴᠠᠭ᠋ᠠᠵᠠᠯᠠᠬᠤ ᠮᠡᠳᠡᠯᠭᠡ ᠵᠢ ᠲᠦᠭᠡᠮᠡᠯᠵᠢᠭᠦᠯᠵᠦ᠂ ᠬᠣᠤᠷᠲᠤ ᠡᠳ᠋᠎ᠤᠨ ᠬᠣᠣᠷ ᠬᠥᠨᠥᠭᠡᠯ ᠪᠠ ᠬᠣᠤᠷᠲᠤ ᠡᠳ᠋᠎ᠤᠨ ᠤᠷᠭᠤᠮᠠᠯ᠎ᠢ ᠲᠠᠷᠢᠬᠤ ᠵᠢ ᠴᠠᠭ᠋ᠠᠵᠠᠯᠠᠬᠤ ᠪᠠ ᠠᠷᠢᠯᠭ᠋ᠠᠬᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠲᠠᠶ᠋ᠢᠯᠪᠤᠷᠢᠯᠠᠵᠤ᠂ ᠤᠯᠠᠨ ᠲᠦᠮᠡᠨ᠎ᠤ ᠬᠠᠤᠯᠢ ᠪᠤᠰᠤ᠎ᠪᠠᠷ ᠬᠣᠤᠷᠲᠤ ᠡᠳ᠋᠎ᠤᠨ ᠤᠷᠭᠤᠮᠠᠯ ᠲᠠᠷᠢᠬᠤ ᠵᠢ ᠡᠰᠡᠷᠭᠦᠴᠡᠨ ᠬᠣᠷᠢᠭᠯᠠᠬᠤ ᠤᠬᠠᠮᠰᠠᠷ᠎ᠢ ᠳᠡᠭᠡᠭᠰᠢᠯᠡᠭᠦᠯᠵᠦ᠂ ᠬᠠᠤᠯᠢ ᠪᠤᠰᠤ᠎ᠪᠠᠷ ᠬᠣᠤᠷᠲᠤ ᠡᠳ᠋᠎ᠤᠨ ᠤᠷᠭᠤᠮᠠᠯ᠎ᠢ ᠲᠠᠷᠢᠬᠤ ᠠᠵᠢᠯᠯᠠᠭ᠎ᠠ ᠵᠢ ᠢᠳᠡᠪᠬᠢᠲᠡᠢ᠎ᠪᠠᠷ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠪᠠ᠃