ᠡᠪᠦᠯ᠎ᠤᠨ ᠤᠯᠠᠷᠢᠯ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠪᠠᠶ᠋ᠢᠳᠠᠯ᠎ᠤᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠪᠠᠲᠤᠯᠠᠵᠤ᠂ ᠵᠠᠮ ᠬᠠᠷᠢᠯᠴᠠᠭ᠋ᠠᠨ᠎ᠤ ᠡᠨᠳᠡᠯ ᠭᠠᠷᠬᠤ ᠵᠢ ᠪᠦᠲᠦᠮᠵᠢᠲᠡᠶ ᠰᠡᠷᠭᠡᠶ᠋ᠢᠯᠡᠬᠦ ᠪᠠ ᠪᠠᠭ᠋ᠠᠰᠬᠠᠬᠤ ᠵᠢᠨ ᠲᠥᠯᠥᠭᠡ᠂ ᠣᠶ᠋ᠢᠷ᠎ᠠ ᠵᠢᠨ ᠡᠳᠦᠷ᠎ᠤᠳ᠎ᠲᠤ᠂ ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ ᠰᠥᠨᠢ ᠵᠢᠨ ᠲᠥᠪᠯᠡᠷᠡᠩᠭᠦᠢ ᠪᠠᠢ᠌ᠴᠠᠭ᠋ᠠᠯᠲᠠ ᠵᠢᠨ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ ᠵᠢᠨ ᠳᠤᠮᠳᠠ᠂ 60 ᠨᠡᠷᠡᠰ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠲᠣᠮᠢᠯᠠᠵᠤ᠂ ᠬᠣᠲᠠ ᠵᠢᠨ ᠲᠣᠭᠣᠷᠢᠭ᠎ᠤᠨ ᠰᠥᠨᠢ ᠵᠢᠨ ᠵᠠᠮ ᠬᠠᠷᠢᠯᠴᠠᠭ᠋ᠠᠨ᠎ᠤ ᠡᠮᠬᠢ ᠳᠢᠭᠯᠢᠮ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠬᠣᠭᠣᠯᠠᠨ ᠬᠡᠷ᠂ ᠵᠣᠴᠢᠳ᠎ᠤᠨ ᠪᠠᠭᠤᠳᠠᠯ ᠵᠡᠷᠭᠡ ᠣᠷᠣᠨ ᠪᠦᠰᠡ ᠵᠢᠨ ᠵᠠᠮ ᠵᠶ᠋ᠠᠷ ᠵᠢᠵᠢᠭᠦᠷᠯᠡᠬᠦ ᠴᠢᠭ ᠪᠣᠯᠭ᠋ᠠᠵᠤ᠂ ᠭᠤᠤᠯᠳᠠᠯᠭ᠎ᠠ᠎ᠲᠠᠢ ᠴᠠᠭ᠎ᠲᠤ ᠠᠷᠢᠬᠢ ᠤᠤᠭᠤᠵᠤ ᠲᠡᠷᠭᠡ ᠵᠢᠯᠣᠭᠣᠳᠬᠤ᠂ ᠰᠣᠭᠲᠣᠭᠤ᠎ᠪᠠᠷ ᠲᠡᠷᠭᠡ ᠵᠢᠯᠣᠭᠣᠳᠬᠤ᠂ ᠫᠠᠶ᠋ᠢᠰᠠ ᠦᠨᠡᠮᠯᠡᠯ᠎ᠳᠤ ᠬᠣᠯᠪᠣᠭᠳᠠᠬᠤ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠵᠤ᠂ ᠵᠠᠮ ᠬᠠᠷᠢᠯᠴᠠᠭ᠋ᠠᠨ᠎ᠤ ᠡᠨᠳᠡᠯ ᠭᠠᠷᠬᠤ ᠵᠢ ᠴᠢᠩᠭ᠎ᠠ ᠰᠡᠷᠭᠡᠶ᠋ᠢᠯᠡᠪᠡ᠃

ᠲᠣᠰ ᠤᠳᠠᠭ᠋ᠠᠨ᠎ᠤ ᠰᠥᠨᠢ ᠵᠢᠨ ᠪᠠᠶ᠋ᠢᠴᠠᠭ᠋ᠠᠯᠲᠠ ᠵᠢᠨ ᠠᠵᠢᠯᠯᠠᠭ᠎ᠠ᠎ᠳᠤ ᠠᠷᠢᠬᠢ ᠤᠤᠭᠤᠵᠤ ᠰᠣᠭᠲᠣᠭᠤ᠎ᠪᠠᠷ ᠲᠡᠷᠭᠡ ᠵᠢᠯᠣᠭᠣᠳᠤᠭᠰᠠᠨ 6 ᠬᠡᠷᠡᠭ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠪᠤᠰᠤᠳ ᠡᠯ᠎ᠡ ᠲᠥᠷᠥᠯ᠎ᠤᠨ 91 ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠪᠡ᠃