ᠣᠢ᠌ᠷ᠎ᠠ᠎ᠳᠤ᠂ ᠬᠥᠯᠥᠨ ᠪᠣᠢ᠌ᠷ ᠬᠣᠲᠠ ᠵᠢᠨ ᠬᠠᠭᠤᠴᠢᠨ ᠪᠠᠷᠭᠤ ᠬᠣᠰᠢᠭᠤᠨ᠎ᠤ ᠠᠭ᠋ᠠᠷ᠎ᠤᠨ ᠲᠤᠯᠠᠭ᠋ᠠᠨ ᠳᠤᠷᠤᠭᠰᠢᠯᠠᠨ ᠶᠡᠬᠡ ᠴᠠᠰᠤ ᠣᠷᠤᠭᠰᠠᠨ᠎ᠳᠤ᠂ ᠴᠠᠰᠤ ᠬᠤᠷᠠᠵᠤ ᠮᠥᠰᠥ ᠬᠥᠯᠳᠡᠵᠦ ᠵᠠᠮ ᠬᠠᠷᠢᠯᠴᠠᠭ᠎ᠠ ᠲᠦᠭᠵᠢᠷᠡᠵᠡᠢ᠃ ᠮᠠᠭᠤ ᠴᠠᠭ ᠠᠭᠤᠷ᠎ᠤᠨ ᠨᠥᠯᠥᠭᠡ ᠵᠢ ᠪᠦᠲᠦᠮᠵᠢᠲᠡᠢ ᠠᠷᠭ᠋ᠠᠴᠠᠬᠤ ᠵᠢᠨ ᠲᠤᠰᠠᠳᠠ᠂ ᠬᠠᠭᠤᠴᠢᠨ ᠪᠠᠷᠭᠤ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ᠎ᠨᠢ ᠴᠠᠰᠤ᠎ᠲᠠᠢ ᠡᠳᠦᠷ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠬᠡᠷᠡᠭᠵᠢᠭᠦᠯᠵᠦ᠂ ᠡᠯ᠎ᠡ ᠵᠦᠢ᠍ᠯ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠲᠡᠷᠭᠡ᠎ᠪᠠᠷ ᠲᠣᠭᠣᠷᠢᠨ ᠪᠠᠢ᠌ᠴᠠᠭ᠋ᠠᠬᠤ ᠲᠣᠭ᠎ᠠ ᠵᠢ ᠨᠡᠮᠡᠭᠳᠡᠭᠦᠯᠦᠨ᠂ ᠭᠣᠣᠯᠳᠠᠯᠭ᠎ᠠ᠎ᠲᠠᠢ ᠣᠷᠣᠨ᠎ᠳᠤ ᠳᠠᠬᠢᠨ ᠳᠠᠪᠲᠠᠨ ᠲᠣᠭᠣᠷᠢᠨ ᠪᠠᠢ᠌ᠴᠠᠭ᠋ᠠᠵᠤ᠂ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠤᠨᠤᠭ᠎ᠠ ᠵᠢ ᠬᠥᠲᠥᠯᠦᠨ ᠵᠢᠯᠣᠭᠣᠳᠬᠤ ᠵᠢᠨ ᠬᠠᠮᠲᠤ᠂ ᠬᠠᠰᠢᠭᠳᠠᠭᠰᠠᠨ ᠬᠦᠮᠦᠰ ᠪᠣᠯᠤᠨ ᠲᠡᠷᠭᠡ ᠬᠥᠰᠭᠡ ᠵᠢ ᠢᠳᠡᠪᠬᠢᠲᠡᠢ᠎ᠪᠠᠷ ᠠᠪᠤᠷᠠᠨ ᠲᠤᠰᠠᠯᠠᠵᠤ᠂ ᠵᠠᠮ ᠬᠠᠷᠢᠯᠴᠠᠭ᠋ᠠᠨ᠎ᠤ ᠠᠮᠤᠷ ᠲᠥᠪᠰᠢᠨ ᠪᠥᠭᠡᠳ ᠰᠠᠭ᠋ᠠᠳ ᠥᠬᠡᠢ ᠨᠡᠪᠲᠡᠷᠡᠬᠦ ᠵᠢ ᠦᠨᠡᠨ ᠬᠦ᠌ ᠪᠠᠲᠤᠯᠠᠪᠠ᠃