ᠣᠶ᠋ᠢᠷ᠎ᠠ᠎ᠳᠤ᠂ ᠬᠥᠯᠥᠨ ᠪᠣᠶ᠋ᠢᠷ ᠬᠣᠲᠠ ᠵᠢᠨ ᠲᠥᠪ ᠲᠣᠭᠣᠷᠢᠭ᠎ᠲᠤ ᠶᠡᠬᠡ ᠴᠠᠰᠤ ᠣᠷᠣᠵᠤ᠂ ᠵᠠᠮ ᠳᠡᠭᠡᠷ᠎ᠡ ᠴᠠᠰᠤ ᠮᠥᠰᠥ ᠬᠥᠯᠳᠡᠵᠦ᠂ ᠵᠠᠮ ᠬᠠᠷᠢᠯᠴᠠᠭ᠋ᠠᠨ᠎ᠤ ᠨᠡᠪᠳᠡᠷᠡᠯᠭᠡ᠎ᠳᠤ ᠮᠠᠰᠢ ᠶᠡᠬᠡ ᠬᠠᠷᠰᠢ ᠰᠠᠭ᠋ᠠᠳ᠎ᠢ ᠠᠪᠴᠢᠷᠠᠵᠤ ᠥᠭᠪᠡ᠃


ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠳᠠᠯᠳᠠ ᠬᠡᠮ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠠᠷᠢᠯᠭ᠋ᠠᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ ᠬᠥᠯᠥᠨ ᠪᠣᠶ᠋ᠢᠷ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠬᠠᠷᠢᠶ᠎ᠠ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠨᠢᠭᠡᠳᠦᠯᠲᠡᠶ ᠪᠠᠶ᠋ᠢᠷᠢᠯᠠᠭᠤᠯᠵᠤ᠂ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢ ᠲᠣᠮᠢᠯᠠᠨ᠂ ᠵᠠᠮ ᠬᠠᠷᠢᠯᠴᠠᠭ᠋ᠠᠨ᠎ᠤ ᠵᠢᠯᠣᠭᠣᠳᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠣᠯᠠᠨ ᠲᠦᠮᠡᠨ᠎ᠤ ᠶᠠᠪᠤᠵᠤ ᠰᠠᠭᠤᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃