ᠦᠢᠯᠡᠴᠢᠯᠡᠭᠡ   -   ᠨᠢᠭᠡᠳᠤᠭᠡᠷ ᠹᠷᠤᠨᠲ
ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠥᠷᠳᠡᠭ ᠨᠡᠮᠡᠭᠳᠡᠯ᠎ᠤᠨ ᠭᠠᠢ᠌ᠯᠢ ᠵᠢᠨ ᠪᠠᠷᠢᠮᠳᠠ ᠵᠢ ᠬᠠᠭᠤᠷᠮᠠᠭᠯᠠᠨ ᠲᠠᠭᠯᠠᠭᠰᠠᠨ ᠨᠢᠭᠡᠨ ᠬᠡᠷᠡᠭ᠎ᠢ ᠢᠯᠡᠷᠡᠬᠦᠯᠪᠡ
ᠨᠡᠶ᠋ᠢᠲᠡᠯᠡᠭᠰᠡᠨ ᠴᠠᠭ᠄ 2024-09-24

    《ᠵᠣᠨ᠎ᠤ ᠤᠯᠠᠷᠢᠯ᠎ᠤᠨ ᠠᠵᠢᠯᠯᠠᠭ᠎ᠠ》 ᠵᠢ ᠥᠷᠨᠢᠭᠦᠯᠦᠭᠰᠡᠨ᠎ᠠᠴᠠ ᠨᠠᠭ᠋ᠠᠰᠢ᠂ ᠰᠢᠯᠢ ᠵᠢᠨ ᠬᠣᠲᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠦᠷᠬᠦᠯᠵᠢᠯᠡᠨ ᠬᠦᠴᠦᠯᠡᠵᠦ᠂ ᠢᠳᠡᠪᠬᠢᠲᠡᠢ ᠲᠠᠭ᠋ᠠᠷᠢᠯᠳᠠ ᠬᠢᠵᠦ᠂ ᠠᠵᠦ ᠠᠬᠤᠢ᠎ᠳᠤ ᠬᠣᠯᠪᠣᠭᠳᠠᠭᠰᠠᠨ ᠶᠠᠯᠠᠳᠤ ᠠᠵᠢᠯᠯᠠᠭ᠎ᠠ᠎ᠳᠤ ᠴᠢᠩᠭ᠎ᠠ ᠴᠤᠬᠢᠯᠳᠠ ᠥᠭᠬᠦ ᠵᠢ ᠢᠮᠠᠭᠳᠠ ᠪᠠᠳᠤᠯᠠᠪᠠ᠃ ᠣᠢ᠌ᠷ᠎ᠠ ᠵᠢᠨ ᠡᠳᠤᠷ᠂ ᠰᠢᠯᠢ ᠵᠢᠨ ᠬᠣᠲᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠤ ᠠᠬᠤᠢ ᠵᠢᠨ ᠬᠡᠷᠡᠭ᠎ᠢ ᠲᠠᠩᠨᠠᠨ ᠪᠠᠢ᠌ᠴᠠᠭ᠋ᠠᠬᠤ ᠶᠡᠭᠡ ᠠᠩᠭᠢ ᠬᠡᠷᠡᠭ᠎ᠲᠤ ᠬᠣᠯᠪᠣᠭᠳᠠᠭᠰᠠᠨ ᠮᠦᠩᠭᠦᠨ᠎ᠤ ᠲᠣᠭ᠎ᠠ 330 ᠭᠠᠷᠤᠢ ᠲᠦᠮᠡᠨ ᠲᠦᠬᠦᠷᠢᠭ᠎ᠲᠤ ᠬᠦᠷᠦᠭᠰᠡᠨ ᠦᠷᠳᠡᠭ ᠨᠡᠮᠡᠭᠳᠡᠯ᠎ᠤᠨ ᠭᠠᠢ᠌ᠯᠢ ᠵᠢᠨ ᠪᠠᠷᠢᠮᠳᠠ ᠵᠢ ᠬᠠᠭᠤᠷᠮᠠᠭ ᠵᠶ᠋ᠠᠷ ᠲᠠᠭᠯᠠᠭᠰᠠᠨ ᠨᠢᠭᠡᠨ ᠬᠡᠷᠡᠭ᠎ᠢ ᠢᠯᠡᠷᠡᠬᠦᠯᠪᠡ᠃
     ᠠᠵᠤ ᠠᠬᠤᠢ ᠵᠢᠨ ᠬᠡᠷᠡᠭ᠎ᠢ ᠲᠠᠩᠨᠠᠨ ᠪᠠᠢ᠌ᠴᠠᠭ᠋ᠠᠬᠤ ᠶᠡᠭᠡ ᠠᠩᠭᠢ᠎ᠨᠢ ᠠᠵᠢᠯ᠎ᠤᠨ ᠲᠤᠮᠳᠠ᠎ᠪᠠᠨ ᠰᠦᠪᠡᠭᠴᠢ ᠤᠯᠵᠦ᠂ ᠰᠢᠯᠢ ᠵᠢᠨ ᠭᠣᠣᠯ ᠠᠢ᠌ᠮᠠᠭ᠎ᠤᠨ ᠨᠢᠭᠡᠨ ᠠᠷᠠᠯᠵᠢᠶ᠎ᠠ ᠬᠤᠳᠠᠯᠳᠤᠭ᠋ᠠᠨ᠎ᠤ ᠬᠢᠵᠠᠭ᠋ᠠᠷᠲᠤ ᠺᠤᠮᠫᠠᠨᠢ᠎ᠨᠢ ᠥᠷᠳᠡᠭ ᠨᠡᠮᠡᠭᠳᠡᠯ᠎ᠤᠨ ᠭᠠᠢ᠌ᠯᠢ ᠵᠢᠨ ᠲᠤᠰᠬᠠᠢ ᠪᠠᠷᠢᠮᠳᠠ ᠵᠢ ᠬᠠᠭᠤᠷᠮᠠᠭ ᠲᠠᠭᠯᠠᠭᠰᠠᠨ ᠬᠡᠷᠡᠭ᠎ᠤᠨ ᠰᠡᠵᠢᠭ᠎ᠲᠠᠢ ᠵᠢ ᠮᠡᠳᠡᠵᠠᠢ᠃ ᠡᠨᠡ ᠰᠦᠪᠡᠭᠴᠢ᠎ᠳᠤ᠎ᠪᠠᠨ ᠰᠠᠭᠤᠷᠢᠯᠠᠵᠦ᠂ ᠠᠵᠤ ᠠᠬᠤᠢ ᠵᠢᠨ ᠲᠠᠩᠨᠠᠨ ᠪᠠᠢ᠌ᠴᠠᠭ᠋ᠠᠬᠤ ᠶᠡᠭᠡ ᠠᠩᠭᠢ᠎ᠨᠢ ᠴᠠᠭᠳᠠᠭ᠎ᠠ ᠨᠠᠷ ᠵᠶ᠋ᠠᠨ ᠵᠣᠬᠢᠶᠠᠨ ᠪᠠᠢ᠌ᠭᠤᠯᠵᠦ ᠬᠡᠷᠡᠭ᠎ᠲᠤ ᠬᠣᠯᠪᠣᠭᠳᠠᠭᠰᠠᠨ ᠺᠣᠮᠫᠠᠨᠢ᠎ᠳᠤ ᠪᠠᠢ᠌ᠴᠠᠭ᠋ᠠᠯᠳᠠ ᠬᠢᠯᠭᠡᠪᠡ᠃ ᠪᠠᠢ᠌ᠴᠠᠭ᠋ᠠᠯᠳᠠ᠎ᠪᠠᠷ ᠲᠠᠮᠵᠢᠵᠦ᠂ 2020 ᠣᠨ᠎ᠤ 3 ᠳ᠋ᠤᠭ᠋ᠠᠷ ᠰᠠᠷ᠎ᠠ᠎ᠠᠴᠠ 2020 ᠣᠨ᠎ᠤ 8 ᠳ᠋ᠤᠭ᠋ᠠᠷ ᠰᠠᠷ᠎ᠠ ᠬᠦᠷᠲᠡᠯᠡᠬᠢ ᠬᠤᠭᠤᠴᠠᠭ᠋ᠠᠨ᠎ᠳᠤ᠂ ᠲᠣᠰ ᠺᠣᠮᠫᠠᠨᠢ ᠵᠢᠨ ᠬᠠᠤᠯᠢ ᠵᠢᠨ ᠬᠥᠮᠥᠨ ᠬᠦᠸᠸ ᠤᠪᠤᠭᠳᠤ ᠠᠰᠢᠭ᠎ᠲᠤ ᠲᠤᠷᠠᠯᠠᠵᠦ᠂ ᠪᠤᠳᠠᠳᠤ ᠠᠵᠢᠯ᠎ᠤᠨ ᠶᠠᠪᠤᠯᠴᠠᠭ᠎ᠠ ᠬᠠᠷᠢᠯᠴᠠᠭ᠎ᠠ ᠦᠭᠡᠢ ᠪᠠᠢ᠌ᠳᠠᠯ᠎ᠤᠨ ᠲᠤᠤᠷ᠎ᠠ᠂ ᠯᠢᠶᠣᠤᠨᠢᠩ ᠮᠤᠵᠢ ᠵᠢᠨ ᠬᠠᠢ ᠴᠸᠩ ᠬᠣᠲᠠ ᠵᠢᠨ ᠨᠢᠭᠡᠨ ᠬᠣᠭᠣᠰᠤᠨ ᠨᠡᠷ᠎ᠡ ᠲᠡᠳᠦᠢ ᠺᠣᠮᠫᠠᠨᠢ᠎ᠳᠤ ᠨᠡᠢ᠌ᠳᠡ 32 ᠦᠷᠳᠡᠭ ᠨᠡᠮᠡᠭᠳᠡᠯ᠎ᠤᠨ ᠭᠠᠢ᠌ᠯᠢ ᠵᠢᠨ ᠲᠤᠰᠬᠠᠢ ᠪᠠᠷᠢᠮᠳᠠ ᠵᠢ ᠭᠠᠷᠭ᠋ᠠᠵᠦ᠂ ᠦᠨ᠎ᠡ ᠪᠠ ᠭᠠᠢ᠌ᠯᠢ᠎ᠨᠢ ᠨᠡᠢ᠌ᠳᠡ 330 ᠭᠠᠷᠤᠢ ᠲᠦᠮᠡᠨ ᠲᠦᠬᠦᠷᠢᠭ᠎ᠲᠤ ᠬᠦᠷᠴᠦ᠂ ᠭᠦᠸᠸ ᠤᠪᠤᠭᠳᠤ ᠬᠠᠤᠯᠢ ᠪᠤᠰᠤ᠎ᠪᠠᠷ 6 ᠲᠦᠮᠡᠨ ᠲᠦᠬᠦᠷᠢᠭ᠎ᠤᠨ ᠠᠰᠢᠭ ᠣᠯᠣᠭᠰᠠᠨ ᠪᠠᠢ᠌ᠨ᠎ᠠ᠃ ᠭᠡᠷᠡᠴᠢ ᠪᠠᠷᠢᠮᠳᠠ ᠪᠦᠷᠢᠨ ᠬᠦᠢ᠍ᠴᠡᠳ ᠪᠣᠯᠣᠭᠰᠠᠨ᠎ᠤ ᠲᠠᠷᠠᠭ᠎ᠠ᠂ ᠬᠦᠸᠸ ᠤᠪᠤᠭᠳᠤ ᠵᠢ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶᠠᠨ᠎ᠳᠤ᠎ᠪᠠᠨ ᠬᠠᠤᠯᠢ ᠶᠣᠰᠣᠭ᠋ᠠᠷ ᠲᠠᠭᠤᠳᠠᠨ ᠠᠪᠴᠢᠷᠠᠵᠦ ᠰᠢᠬᠦᠨ ᠠᠰᠠᠭᠤᠵᠠᠢ᠃ ᠰᠢᠬᠦᠯᠳᠡ᠎ᠪᠠᠷ ᠲᠠᠮᠵᠢᠵᠦ᠂ ᠬᠡᠷᠡᠭ᠎ᠤᠨ ᠰᠡᠵᠢᠭᠳᠡᠨ ᠬᠦᠸᠸ ᠤᠪᠤᠭᠳᠤ ᠥᠷᠳᠡᠭ ᠨᠡᠮᠡᠭᠳᠡᠯ᠎ᠤᠨ ᠭᠠᠢ᠌ᠯᠢ ᠵᠢᠨ ᠲᠤᠰᠬᠠᠢ ᠪᠠᠷᠢᠮᠳᠠ ᠬᠠᠭᠤᠷᠮᠠᠭ ᠲᠠᠭᠯᠠᠭᠰᠠᠨ ᠶᠠᠯᠠᠳᠤ ᠬᠡᠷᠡᠭ ᠵᠶ᠋ᠡᠨ ᠮᠡᠳᠡᠷᠡᠵᠠᠢ᠃
     ᠣᠳᠣᠬᠠᠨ᠎ᠳᠤ᠂ ᠬᠡᠷᠡᠭ᠎ᠤᠨ ᠰᠡᠵᠢᠭᠳᠡᠨ ᠬᠦᠸᠸ ᠤᠪᠤᠭᠳᠤ (ᠡᠷᠡᠭᠲᠡᠢ᠂ 35 ᠨᠠᠰᠤᠳᠠᠢ)᠎ᠳᠤ ᠰᠢᠯᠢ ᠵᠢᠨ ᠬᠣᠲᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠣᠪᠴᠢᠶᠠᠨ᠎ᠠᠴᠠ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠴᠤ᠂ ᠲᠣᠰ ᠬᠡᠷᠡᠭ᠎ᠢ ᠤᠯᠠᠮ ᠨᠢᠭᠡ ᠠᠯᠬᠤᠮ ᠲᠠᠩᠨᠠᠨ ᠰᠢᠢ᠍ᠳᠪᠤᠷᠢᠯᠡᠵᠦ ᠪᠠᠢ᠌ᠨ᠎ᠠ᠃ (ᠰᠢᠯᠢ ᠵᠢᠨ ᠬᠣᠲᠠ ᠵᠢᠨ  ᠲᠤᠳᠤᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠣᠶᠤᠨᠴᠢᠮᠡᠭ ᠮᠡᠳᠡᠭᠡᠯᠡᠪᠡ)

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ