6 ᠳ᠋ᠤᠭ᠋ᠠᠷ ᠰᠠᠷ᠎ᠠ ᠵᠢᠨ 5᠎ᠤ ᠦᠳᠡ ᠵᠢᠨ ᠡᠮᠤᠨ᠎ᠡ᠂ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠠᠮᠢ ᠠᠬᠤᠢ ᠤᠷᠴᠢᠨ ᠲᠤᠭᠤᠷᠢᠨ ᠢᠳᠡᠭᠡᠨ ᠡᠮ ᠡᠮᠨᠡᠯᠭᠡ ᠵᠢᠨ ᠬᠡᠷᠡᠭ᠎ᠢ ᠲᠠᠩᠨᠠᠨ ᠪᠠᠢ᠌ᠴᠠᠭ᠋ᠠᠬᠤ ᠶᠡᠭᠡ ᠠᠩᠭᠢ ᠵᠢᠨ᠎ᠬᠢᠨ ᠠᠵᠢᠯ᠎ᠤᠨ ᠲᠤᠮᠳᠠ᠎ᠪᠠᠨ 《ᠸᠠᠩ ᠤᠪᠤᠭᠳᠤ ᠦᠪᠡᠷ᠎ᠤᠨ ᠲᠦᠷᠢᠶᠡᠰᠦᠯᠡᠵᠦ ᠪᠠᠢ᠌ᠭ᠎ᠠ ᠬᠦᠷᠢᠶᠡᠨ᠎ᠳᠤ᠎ᠪᠠᠨ ᠬᠠᠤᠯᠢ ᠪᠤᠰᠤ᠎ᠪᠠᠷ ᠬᠤᠯᠠᠭ᠋ᠠᠢ᠌ᠯᠠᠵᠦ ᠮᠠᠯᠳᠠᠭᠰᠠᠨ ᠡᠮ᠎ᠳᠤ ᠤᠷᠭᠤᠮᠠᠯ᠎ᠢ ᠬᠤᠳᠠᠯᠳᠤᠨ ᠠᠪᠴᠦ ᠪᠠᠢ᠌ᠨ᠎ᠠ》 ᠭᠡᠰᠡᠨ ᠰᠦᠪᠡᠭᠴᠢ ᠤᠯᠤᠭᠰᠠᠨ ᠪᠠᠢ᠌ᠨ᠎ᠠ᠃ ᠰᠦᠪᠡᠭᠴᠢ ᠵᠢ ᠦᠨᠳᠤᠰᠤᠯᠡᠵᠦ᠂ ᠲᠤᠪᠴᠢᠶᠠᠨ᠎ᠠᠴᠠ ᠰᠢᠯᠢᠳᠡᠭ ᠴᠠᠭᠳᠠᠭ᠎ᠠ ᠨᠠᠷ ᠵᠶ᠋ᠠᠨ ᠵᠤᠬᠢᠶᠠᠨ ᠪᠠᠢ᠌ᠭᠤᠯᠵᠦ᠂ ᠲᠤᠬᠠᠢ ᠵᠢᠨ ᠲᠠᠯᠠᠪᠠᠢ᠎ᠳᠤ ᠲᠤᠮᠢᠯᠠᠨ ᠪᠠᠢ᠌ᠴᠠᠭ᠋ᠠᠯᠭ᠋ᠠᠪᠠ᠃ ᠲᠤᠬᠠᠢ ᠵᠢᠨ ᠲᠠᠯᠠᠪᠠᠢ᠎ᠠᠴᠠ ᠬᠡᠭᠡᠷ᠎ᠡ ᠵᠢᠨ ᠡᠮ᠎ᠳᠤ ᠤᠷᠭᠤᠮᠠᠯ ᠱᠦᠭᠦᠷᠭᠡᠨ᠎ᠡ ᠵᠢ 380 ᠭᠠᠷᠤᠢ ᠵᠢᠩ ᠪᠠᠢ᠌ᠴᠠᠭ᠋ᠠᠨ ᠭᠠᠷᠭ᠋ᠠᠵᠦ᠂ ᠬᠠᠤᠯᠢ ᠪᠤᠰᠤ᠎ᠪᠠᠷ ᠡᠮ᠎ᠤᠨ ᠮᠠᠲᠸᠷᠢᠶᠠᠯ ᠬᠤᠳᠠᠯᠳᠤᠨ ᠠᠪᠤᠭᠰᠠᠨ ᠸᠠᠩ ᠤᠪᠤᠭᠳᠤ ᠵᠢ ᠬᠠᠤᠯᠢ ᠶᠤᠰᠤᠭ᠋ᠠᠷ ᠲᠤᠪᠴᠢᠶᠠᠨ᠎ᠳᠤ᠎ᠪᠠᠨ ᠲᠠᠭᠤᠳᠠᠨ ᠠᠪᠴᠢᠷᠠᠵᠦ ᠪᠠᠢ᠌ᠴᠠᠭ᠋ᠠᠯᠳᠠ ᠬᠢᠪᠡ᠃
ᠪᠠᠢ᠌ᠴᠠᠭ᠋ᠠᠯᠳᠠ᠎ᠪᠠᠷ᠂ ᠸᠠᠩ ᠤᠪᠤᠭᠳᠤ ᠵᠢᠨ ᠬᠤᠳᠠᠯᠳᠤᠵᠦ ᠠᠪᠤᠭᠰᠠᠨ ᠬᠡᠭᠡᠷ᠎ᠡ ᠵᠢᠨ ᠡᠮ᠎ᠳᠤ ᠤᠷᠭᠤᠮᠠᠯ ᠱᠦᠭᠦᠷᠭᠡᠨ᠎ᠡ ᠵᠢ ᠮᠸᠩ ᠤᠪᠤᠭᠳᠤ᠂ ᠵᠠᠩ ᠤᠪᠤᠭᠳᠤ᠂ ᠰᠢᠶᠸ ᠤᠪᠤᠭᠳᠤ᠎ᠠᠴᠠ ᠲᠡᠬᠦᠨ᠎ᠳᠤ ᠬᠤᠳᠠᠯᠳᠤᠨ ᠦᠭᠭᠦᠭᠰᠡᠨᠢ ᠮᠡᠳᠡᠵᠠᠢ᠃ ᠴᠠᠭᠳᠠᠭ᠎ᠠ ᠨᠠᠷ ᠲᠤᠤᠷ᠎ᠠ᠎ᠨᠢ ᠡᠮ᠎ᠳᠤ ᠤᠷᠭᠤᠮᠠᠯ ᠬᠤᠯᠠᠭ᠋ᠠᠢ᠌ᠯᠠᠨ ᠮᠠᠯᠳᠠᠵᠦ ᠬᠤᠳᠠᠯᠳᠤᠭᠰᠠᠨ ᠮᠸᠩ ᠤᠪᠤᠭᠳᠤ ᠵᠢ ᠪᠠᠷᠢᠪᠴᠢᠯᠠᠵᠠᠢ᠃ ᠮᠸᠩ ᠤᠪᠤᠭᠳᠤ ᠵᠢᠨ ᠦᠴᠢᠭ ᠵᠢᠴᠢ ᠪᠦᠬᠦᠢ᠌ᠯᠡ ᠴᠤᠭᠴᠠ ᠵᠢᠨ ᠰᠢᠨᠵᠢᠯᠡᠭᠡ ᠰᠤᠳᠤᠯᠤᠯᠳᠠ᠎ᠪᠠᠷ ᠲᠠᠮᠵᠢᠵᠦ᠂ ᠬᠠᠤᠯᠢ ᠪᠤᠰᠤ ᠵᠤᠬᠢᠶᠠᠨ ᠪᠠᠢ᠌ᠭᠤᠯᠤᠯᠳᠠ ᠵᠢᠨ ᠪᠦᠳᠦᠴᠡ ᠪᠦᠷᠢᠯᠳᠦᠭᠦᠨ᠂ ᠪᠤᠵᠠᠷ ᠤᠯᠵᠠ ᠵᠢᠨ ᠬᠡᠯᠬᠢᠶ᠎ᠡ ᠬᠤᠯᠪᠤᠭ᠋ᠠᠰᠤ ᠵᠢ ᠵᠠᠳᠠᠯᠤᠨ ᠰᠢᠨᠵᠢᠯᠡᠭᠰᠡᠨᠤ ᠳ᠋ᠦᠩ᠎ᠳᠤ ᠬᠠᠷᠠᠭᠤᠯᠳᠠᠨ ᠬᠦᠯᠢᠶᠡᠵᠦ ᠪᠠᠢ᠌ᠭ᠋ᠠᠳ᠂ ᠬᠠᠤᠯᠢ ᠪᠤᠰᠤ ᠠᠵᠢᠯᠯᠠᠭ᠎ᠠ᠎ᠲᠠᠢ ᠵᠠᠩ ᠤᠪᠤᠭᠳᠤ᠂ ᠰᠢᠶᠸ ᠤᠪᠤᠭᠳᠤ ᠵᠢ ᠤᠷᠢᠳ ᠬᠤᠵᠢᠳ ᠪᠠᠷᠢᠪᠴᠢᠯᠠᠵᠠᠢ᠃ ᠪᠤᠳᠠᠳᠤ ᠭᠡᠷᠡᠴᠢ ᠪᠠᠷᠢᠮᠳᠠ ᠵᠢᠨ ᠡᠮᠤᠨ᠎ᠠ᠂ ᠵᠠᠩ ᠤᠪᠤᠭᠳᠤ᠂ ᠰᠢᠶᠸ ᠤᠪᠤᠭᠳᠤ᠂ ᠮᠸᠩ ᠤᠪᠤᠭᠳᠤ ᠭᠤᠷᠪᠠᠭᠤᠯᠠ ᠬᠡᠭᠡᠷ᠎ᠡ ᠵᠢᠨ ᠡᠮ᠎ᠳᠤ ᠤᠷᠭᠤᠮᠠᠯ ᠱᠦᠭᠦᠷᠭᠡᠨ᠎ᠡ ᠵᠢ ᠬᠤᠯᠠᠭ᠋ᠠᠢ᠌ᠯᠠᠵᠦ ᠮᠠᠯᠳᠠᠭᠰᠠᠨ ᠬᠠᠤᠯᠢ ᠪᠤᠰᠤ ᠠᠵᠢᠯᠯᠠᠭ᠎ᠠ᠎ᠪᠠᠨ ᠦᠨᠡᠨ ᠮᠦᠨ ᠵᠶ᠋ᠠᠷ᠎ᠨᠢ ᠲᠤᠰᠢᠶᠠᠭᠰᠠᠨ ᠪᠠᠢ᠌ᠨ᠎ᠠ᠃
ᠤᠳᠤᠬᠠᠨ᠎ᠳᠤ ᠬᠠᠤᠯᠢ ᠵᠦᠷᠢᠴᠡᠭᠰᠡᠨ ᠠᠵᠢᠯᠯᠠᠭ᠎ᠠ᠎ᠲᠠᠢ ᠸᠠᠩ ᠤᠪᠤᠭᠳᠤ (ᠡᠷᠡᠭᠳᠠᠢ᠂ 57 ᠨᠠᠰᠤᠳᠠᠢ)᠂ ᠮᠸᠩ ᠤᠪᠤᠭᠳᠤ (ᠡᠷᠡᠭᠳᠠᠢ᠂ 34 ᠨᠠᠰᠤᠳᠠᠢ)᠂ ᠰᠢᠶᠸ ᠤᠪᠤᠭᠳᠤ (ᠡᠷᠡᠭᠳᠠᠢ᠂ 59 ᠨᠠᠰᠤᠳᠠᠢ) ᠳᠤ ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠠᠴᠠ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠲᠦᠷ ᠬᠤᠷᠢᠬᠤ ᠰᠢᠢ᠍ᠳᠭᠡᠯ ᠦᠭᠴᠦ᠂ ᠬᠡᠷᠡᠭ᠎ᠢ ᠤᠯᠠᠮ ᠴᠢᠨᠠᠭᠰᠢᠳᠠ ᠪᠠᠢ᠌ᠴᠠᠭ᠋ᠠᠨ ᠰᠢᠢ᠍ᠳᠪᠤᠷᠢᠯᠡᠵᠦ ᠪᠤᠢ᠃
(ᠰᠠᠨᠠᠭᠤᠯᠤᠮᠵᠢ᠄ ᠬᠡᠭᠡᠷ᠎ᠡ ᠵᠢᠨ ᠡᠪᠡᠰᠤ ᠤᠷᠭᠤᠮᠠᠯ ᠪᠤᠯ ᠪᠠᠢ᠌ᠭ᠋ᠠᠯᠢ ᠵᠢᠨ ᠠᠮᠢ ᠠᠬᠤᠢ ᠵᠢᠨ ᠰᠢᠰᠲᠸᠮ᠎ᠤᠨ ᠭᠤᠤᠯ ᠪᠤᠯᠬᠤ ᠪᠦᠷᠢᠯᠳᠦᠬᠦᠨ ᠮᠥᠨ᠃ ᠠᠮᠢ ᠠᠬᠤᠢ ᠵᠢᠨ ᠰᠢᠰᠲᠸᠮ᠎ᠤᠨ ᠲᠡᠩᠴᠡᠬᠦᠷᠢ ᠵᠢ ᠪᠠᠳᠤᠯᠠᠵᠦ᠂ ᠠᠵᠤ ᠠᠬᠤᠢ ᠨᠡᠢ᠌ᠭᠡᠮ᠎ᠤᠨ ᠦᠷᠭᠦᠯᠵᠢᠯᠡᠨ ᠲᠤᠭᠳᠠᠭᠤᠨ ᠬᠦᠭᠵᠢᠯᠳᠡ᠎ᠳᠤ ᠤᠷᠤᠯᠠᠭᠤᠯᠵᠦ ᠪᠤᠯᠤᠰᠢ ᠦᠭᠡᠢ ᠤᠢ᠌ᠯᠡᠳᠦᠯ ᠦᠵᠡᠬᠦᠯᠳᠡᠭ᠃ ᠬᠡᠭᠡᠷ᠎ᠡ ᠵᠢᠨ ᠤᠷᠭᠤᠮᠠᠯ ᠵᠢᠴᠢ ᠲᠡᠭᠦᠨ᠎ᠤ ᠪᠦᠳᠦᠭᠡᠭᠳᠡᠬᠦᠨ᠎ᠢ ᠬᠠᠤᠯᠢ ᠪᠤᠰᠤ᠎ᠪᠠᠷ ᠮᠠᠯᠳᠠᠵᠦ ᠲᠡᠬᠦᠬᠦ᠂ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠤᠢ᠌ᠯᠡᠳᠪᠤᠷᠢᠯᠡᠬᠦ᠂ ᠪᠤᠷᠤᠯᠠᠭᠤᠯᠬᠤ ᠠᠵᠢᠯᠯᠠᠭ᠎ᠠ᠎ᠨᠢ ᠬᠠᠤᠯᠢ ᠵᠦᠷᠢᠴᠡᠭᠰᠡᠨ ᠤᠢ᠌ᠯᠠ ᠠᠵᠢᠯᠯᠠᠭ᠎ᠠ᠎ᠳᠤ ᠪᠠᠭᠳᠠᠳᠠᠭ ᠲᠤᠯᠠ᠂ ᠪᠦᠬᠦ ᠨᠡᠢ᠌ᠭᠡᠮ ᠵᠶ᠋ᠠᠷ ᠵᠶ᠋ᠠᠨ ᠭᠡᠭᠡᠷ᠎ᠡ ᠵᠢᠨ ᠤᠷᠭᠤᠮᠠᠯ᠎ᠢ ᠬᠠᠢ᠌ᠷᠠᠯᠠᠨ ᠬᠠᠮᠠᠭ᠋ᠠᠯᠠᠬᠤ ᠦᠵᠡᠯ ᠤᠬᠠᠮᠰᠠᠷ ᠵᠶ᠋ᠠᠨ ᠲᠡᠭᠡᠭᠰᠢᠯᠡᠬᠦᠯᠵᠦ᠂ ᠦᠪᠡᠷ᠎ᠤᠨ ᠪᠡᠶ᠎ᠡ᠎ᠠᠴᠠ᠎ᠪᠠᠨ ᠡᠬᠢᠯᠡᠨ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠢ ᠪᠠᠳᠤᠯᠠᠨ ᠬᠠᠮᠠᠭ᠋ᠠᠯᠠᠵᠤ᠂ ᠬᠦᠮᠦᠨ ᠲᠦᠷᠦᠯᠬᠢᠳᠡᠨ᠎ᠤ ᠤᠷᠤᠰᠢᠨ ᠲᠤᠭᠳᠠᠨᠢᠵᠦ ᠪᠠᠢ᠌ᠭ᠎ᠠ ᠪᠠᠢ᠌ᠭ᠋ᠠᠯᠢ ᠲᠡᠯᠡᠭᠡᠢ᠎ᠪᠠᠨ ᠬᠠᠢ᠌ᠷᠠᠯᠠᠨ ᠬᠠᠮᠠᠭ᠋ᠠᠯᠠᠶ᠎ᠠ᠃ ( ᠰᠢᠯᠢ ᠵᠢᠨ ᠬᠤᠳᠠ ᠵᠢᠨ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠤᠶᠤᠨᠴᠢᠮᠡᠭ ᠮᠡᠳᠡᠭᠡᠯᠡᠪᠡ)