8 ᠰᠠᠷ᠎ᠠ ᠵᠢᠨ 31 ᠤ ᠦᠳᠡ ᠵᠢᠨ ᠡᠮᠦᠨ᠎ᠡ᠂ ᠨᠢᠭᠡᠨ ᠤᠳᠠᠭ᠋ᠠᠨ᠎ᠤ ᠭᠡᠨᠡᠳᠲᠡ ᠵᠢᠨ ᠶᠡᠬᠡ ᠪᠣᠷᠣᠭ᠋ᠠᠨ᠎ᠨᠢ ᠰᠠᠢ᠌ᠬᠠᠨᠲᠠᠯᠠ ᠪᠠᠯᠭ᠋ᠠᠰᠤ ᠵᠢ ᠳᠠᠯᠠᠢ ᠵᠢᠨ ᠳᠤᠮᠳᠠᠬᠢ 《ᠠᠷᠠᠯ》 ᠪᠣᠯᠭ᠋ᠠᠪᠠ᠃ ᠲᠤᠬᠠᠢ ᠵᠢᠨ ᠡᠳᠦᠷ᠎ᠲᠤ ᠰᠥᠨᠢᠳ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠰᠠᠢ᠌ᠬᠠᠨᠲᠠᠯᠠ ᠲᠣᠮᠢᠯᠠᠭᠰᠠᠨ ᠰᠠᠯᠪᠤᠷᠢ ᠨᠢᠭᠡ ᠰᠤᠷᠤᠭᠴᠢ ᠰᠠᠨᠠᠮᠰᠠᠷ ᠥᠬᠡᠢ᠎ᠪᠠᠷ ᠵᠠᠰᠠᠮᠠᠯ ᠵᠠᠮ ᠮᠠᠯᠲᠠᠭᠰᠠᠨ ᠭᠦᠨ ᠨᠦᠬᠡᠨ᠎ᠳᠤ ᠣᠶ᠋ᠢᠴᠢᠴᠢᠬᠠᠯᠠ᠂ ᠪᠠᠢ᠌ᠳᠠᠯ ᠪᠠᠴᠢᠮ᠂ ᠬᠠᠪᠰᠤᠷᠤᠯᠭ᠎ᠠ ᠴᠢᠬᠤᠯᠠᠲᠠᠢ ᠪᠠᠢ᠌ᠨ᠎ᠠ ᠬᠡᠮᠡᠬᠦ ᠲᠦᠭᠰᠢᠭᠦᠷᠢ ᠵᠢᠨ ᠮᠡᠳᠡᠭᠦᠯᠦᠯᠲᠡ ᠵᠢ ᠲᠣᠰᠪᠠ᠃

ᠲᠦᠭᠰᠢᠭᠦᠷᠢ ᠵᠢᠨ ᠪᠠᠶ᠋ᠢᠳᠠᠯ ᠪᠣᠯ ᠵᠠᠷᠯᠢᠭ᠂ ᠴᠠᠭ ᠪᠣᠯ ᠠᠮᠢ ᠨᠠᠰᠤ᠃ ᠲᠦᠭᠰᠢᠭᠦᠷᠢ ᠵᠢᠨ ᠮᠡᠳᠡᠭᠦᠯᠦᠯᠲᠡ ᠵᠢ ᠲᠣᠰᠣᠭᠰᠠᠨ᠎ᠤ ᠳᠠᠷᠠᠭ᠎ᠠ᠂ ᠰᠠᠢ᠌ᠬᠠᠨᠲᠠᠯᠠ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠲᠡᠷᠭᠡ ᠵᠢᠯᠣᠭᠣᠳᠤᠨ᠂ ᠬᠠᠮᠤᠭ᠎ᠤᠨ ᠲᠦᠷᠭᠡᠨ ᠬᠤᠷᠳᠤᠴᠠ᠎ᠪᠠᠷ ᠠᠬᠤᠢ ᠲᠠᠯᠠᠪᠠᠢ᠎ᠳᠤ ᠬᠦᠷᠴᠦ ᠢᠷᠡᠵᠡᠢ᠃ ᠲᠤᠬᠠᠢ ᠵᠢᠨ ᠲᠠᠯᠠᠪᠠᠢ᠎ᠳᠤ ᠬᠦᠷᠦᠭᠰᠡᠨ᠎ᠤ ᠳᠠᠷᠠᠭ᠎ᠠ᠂ ᠰᠤᠷᠤᠭᠴᠢᠳ ᠳᠤᠭᠤᠢ ᠤᠨᠤᠵᠤ ᠥᠩᠭᠡᠷᠡᠬᠦ᠎ᠳᠤ᠎ᠪᠠᠨ ᠰᠠᠨᠠᠮᠰᠠᠷ ᠦᠭᠡᠢ ᠵᠠᠰᠠᠮᠠᠯ ᠵᠠᠮ᠎ᠢ ᠰᠡᠯᠪᠢᠨ ᠵᠠᠰᠠᠬᠤ ᠭᠦᠨ ᠨᠦᠬᠡᠨ᠎ᠳᠤ ᠬᠠᠯᠲᠤᠷᠢᠨ ᠤᠨᠠᠭᠰᠠᠨᠢ ᠣᠯᠵᠤ ᠮᠡᠳᠡᠵᠡᠢ᠂ ᠪᠠᠷᠢᠯᠭ᠎ᠠ ᠵᠢᠨ ᠭᠠᠵᠠᠷ᠎ᠤᠨ ᠠᠵᠢᠯᠴᠢᠳ ᠪᠠᠰᠠ ᠲᠤᠬᠠᠢ ᠵᠢᠨ ᠲᠠᠯᠠᠪᠠᠢ᠎ᠳᠤ ᠬᠠᠮᠲᠤ᠎ᠪᠠᠷ ᠠᠪᠤᠷᠠᠨ ᠲᠤᠰᠠᠯᠠᠬᠤ᠎ᠳᠤ ᠣᠷᠣᠯᠴᠠᠭᠰᠠᠨ ᠪᠠᠶ᠋ᠢᠨ᠎ᠠ᠂ ᠭᠡᠪᠡᠴᠦ ᠨᠠᠮᠤᠷ᠎ᠤᠨ ᠰᠡᠷᠢᠭᠦᠨ᠎ᠳᠤ᠂ ᠲᠤᠰ ᠰᠤᠷᠤᠭᠴᠢ ᠤᠰᠤᠨ᠎ᠳᠤ ᠨᠡᠯᠢᠶᠡᠳ ᠳᠡᠪᠲᠦᠭᠰᠡᠨ᠎ᠠᠴᠠ ᠪᠣᠯᠵᠤ᠂ ᠨᠢᠭᠡᠨᠲᠡ ᠳᠠᠭ᠋ᠠᠷᠠᠵᠤ ᠪᠥᠭᠡᠷᠡᠭᠡᠳ ᠦᠭᠡ ᠬᠡᠯᠡᠵᠦ ᠳᠡᠢ᠌ᠯᠬᠦ ᠦᠭᠡᠢ ᠪᠣᠯᠣᠭᠰᠠᠨ ᠪᠦᠭᠡᠳ ᠲᠠᠮᠢᠷ ᠲᠡᠩᠬᠡᠭᠡ᠎ᠨᠢ ᠴᠤ᠌ ᠠᠭ᠋ᠠᠵᠢᠮ ᠠᠭ᠋ᠠᠵᠢᠮ ᠵᠶ᠋ᠠᠷ ᠮᠠᠭᠤᠳᠠᠭᠰᠠᠨ ᠪᠠᠢ᠌ᠨ᠎ᠠ᠃

ᠡᠨᠡ ᠬᠦ᠌ ᠵᠠᠩᠭᠢᠯᠠᠭ᠎ᠠ ᠵᠢᠨ ᠴᠠᠭ ᠮᠥᠴᠡ᠎ᠳᠤ᠂ ᠶᠠᠮᠠᠷᠪᠠ ᠤᠳᠠᠭ᠋ᠠᠰᠢᠷᠠᠯᠨᠢ ᠴᠥᠮ ᠬᠡᠯᠡᠵᠦ ᠮᠡᠳᠡᠬᠦ ᠦᠭᠡᠢ ᠦᠷ᠎ᠡ ᠳ᠋ᠦᠩ᠎ᠢ ᠠᠪᠴᠢᠷᠠᠬᠤ ᠪᠣᠯᠤᠯᠴᠠᠭ᠎ᠠ᠎ᠲᠠᠢ ᠶᠤᠮ᠃ ᠠᠷᠠᠳ᠎ᠤᠨ ᠴᠠᠭᠳᠠᠭ᠎ᠠ ᠨᠠᠷ ᠴᠠᠭ᠎ᠢ ᠵᠠᠪᠳᠤᠨ ᠲᠦᠷᠭᠡᠨ ᠵᠶ᠋ᠠᠷ ᠬᠥᠳᠡᠯᠦᠯᠴᠡᠵᠦ᠂ ᠨᠢᠭᠡ ᠲᠠᠯ᠎ᠠ᠎ᠪᠠᠷ ᠰᠤᠷᠤᠭᠴᠢ ᠵᠢᠨ ᠤᠷᠮ᠎ᠠ ᠵᠣᠷᠢᠭ᠎ᠢ ᠠᠮᠤᠷᠵᠢᠭᠤᠯᠤᠨ᠂ ᠨᠥᠭᠦᠭᠡ ᠲᠠᠯ᠎ᠠ᠎ᠪᠠᠷ ᠪᠠᠭ᠋ᠠᠵᠢ ᠬᠡᠷᠡᠭᠰᠡᠯ᠎ᠢ ᠠᠰᠢᠭᠯᠠᠨ ᠲᠤᠰ ᠰᠤᠷᠤᠭᠴᠢ ᠵᠢ ᠠᠪᠤᠷᠠᠨ ᠭᠠᠷᠭ᠋ᠠᠪᠠ᠂ ᠳᠥᠭᠥᠮᠬᠡᠨ ᠪᠡᠶ᠎ᠡ ᠵᠢᠨ ᠪᠠᠢ᠌ᠴᠠᠭ᠋ᠠᠯᠲᠠ ᠬᠢᠭᠰᠡᠨ᠎ᠤ ᠳᠠᠷᠠᠭ᠎ᠠ ᠳᠠᠷᠤᠢ ᠲᠦᠷᠭᠡᠨ ᠡᠮᠨᠡᠯᠭᠡ᠎ᠳᠤ ᠬᠦᠷᠭᠡᠵᠦ ᠡᠮᠴᠢᠯᠡᠭᠦᠯᠦᠭᠰᠡᠨ ᠪᠠᠢ᠌ᠨ᠎ᠠ᠃
ᠰᠠᠯᠬᠢ ᠪᠣᠷᠣᠭ᠎ᠠ ᠠᠷᠢᠯᠳᠠᠭ ᠴᠤ᠌᠂ ᠰᠠᠬᠢᠨ ᠬᠠᠮᠠᠭ᠋ᠠᠯᠠᠯᠲᠠ ᠳᠤᠲᠠᠭᠳᠠᠵᠤ ᠪᠣᠯᠬᠤ ᠦᠭᠡᠢ᠃ ᠰᠥᠨᠢᠳ ᠪᠠᠷᠠᠭᠤᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠠᠷᠠᠳ ᠲᠦᠮᠡᠨ᠎ᠢ ᠲᠡᠷᠢᠭᠦᠨ᠎ᠳᠤ ᠲᠠᠯᠪᠢᠬᠤ᠂ ᠠᠮᠢ ᠨᠠᠰᠤ ᠡᠷᠬᠢᠮ ᠳᠡᠭᠡᠳᠦ ᠬᠡᠮᠡᠬᠦ ᠣᠢ᠌ᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠪᠥᠬᠥ ᠠᠷᠠᠳ᠎ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠡᠩᠨᠡᠭᠡᠨ᠎ᠤ ᠡᠮᠦᠨ᠎ᠡ ᠭᠠᠪᠰᠢᠭ᠋ᠠᠢ᠌ᠯᠠᠨ᠂ ᠬᠦᠨᠳᠦ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠵᠦ᠂ ᠣᠯᠠᠨ ᠲᠦᠮᠡᠨ᠎ᠤ ᠬᠠᠮᠤᠭ ᠬᠡᠷᠡᠭᠴᠡᠭᠡ᠎ᠲᠠᠢ ᠦᠶ᠎ᠡ᠎ᠳᠤ ᠴᠡᠭᠡᠵᠢ ᠲᠦᠷᠢᠨ ᠭᠠᠷᠴᠤ᠂ ᠪᠦᠬᠦ ᠬᠣᠲᠠ ᠵᠢᠨ ᠠᠮᠤᠷ ᠠᠮᠤᠭᠤᠯᠠᠩ᠎ᠢ ᠬᠠᠮᠠᠭ᠋ᠠᠯᠠᠵᠤ᠂ ᠬᠠᠮᠲᠤ᠎ᠪᠠᠷ ᠴᠠᠭᠳᠠᠭ᠎ᠠ ᠠᠷᠠᠳ᠎ᠤᠨ ᠡᠶ᠎ᠡ ᠵᠣᠬᠢᠴᠠᠯᠲᠤ ᠵᠢᠷᠤᠭ᠎ᠢ ᠵᠢᠷᠤᠭᠯᠠᠬᠤ᠎ᠳᠤ ᠪᠠᠲᠤ ᠢᠲᠡᠭᠡᠯ᠎ᠲᠠᠢ ᠪᠠᠶ᠋ᠢᠨ᠎ᠠ᠃