ᠠᠤᠬᠠᠨ ᠬᠤᠰᠢᠭᠤᠨ᠎ᠤ ᠲᠣᠲᠣᠭ᠋ᠠᠲᠤ ᠵᠢ ᠬᠠᠮᠠᠭ᠋ᠠᠯᠠᠬᠤ ᠲᠣᠪᠴᠢᠶ᠎ᠠ ᠵᠢᠨ ᠴᠠᠩ ᠭᠧᠤ ᠯᠢᠶᠠᠩ ᠲᠣᠮᠢᠯᠠᠭᠰᠠᠨ ᠰᠠᠯᠪᠤᠷᠢ ᠵᠢᠨ ᠴᠠᠭᠳᠠᠭ᠋ᠠᠨ᠎ᠤ ᠲᠡᠷᠭᠡ ᠨᠢᠭᠡᠨᠲᠡ ᠃ ᠲᠡᠷᠭᠡ ᠂ ᠠᠷᠠᠳ᠎ᠤᠨ ᠴᠠᠭᠳᠠᠭ᠎ᠠ ᠯᠢ ᠨᠠᠰᠤᠲᠠᠨ᠎ᠤ ᠡᠬᠡᠨᠡᠷ ᠪᠠ ᠳᠡᠭᠦᠦ ᠪᠡᠷᠢ ᠮᠠᠷᠭᠤᠯᠳᠤᠵᠤ ᠪᠠᠶ᠋ᠢᠬᠤ ᠵᠢ ᠣᠯᠵᠤ ᠬᠠᠷᠠᠪᠠ᠃ ᠡᠨᠡ ᠪᠣᠯ ᠵᠢᠨ ᠴᠠᠩ ᠭᠧᠤ ᠯᠢᠶᠠᠩ ᠲᠣᠮᠢᠯᠠᠭᠰᠠᠨ ᠰᠠᠯᠪᠤᠷᠢ ᠵᠢᠨ ᠲᠤᠰ ᠰᠠᠷ᠎ᠠ ᠵᠢᠨ ᠰᠢᠢ᠍ᠳᠪᠦᠷᠢᠯᠡᠭᠰᠡᠨ ᠠᠷᠪᠠᠨ ᠳᠥᠷᠪᠡᠳᠦᠭᠡᠷ ᠤᠳᠠᠭ᠋ᠠᠨ᠎ᠤ ᠭᠠᠵᠠᠷ ᠰᠢᠷᠣᠶ ᠵᠢᠨ ᠵᠠᠭ᠋ᠠᠭ ᠬᠢᠵᠠᠭ᠋ᠠᠷ᠎ᠠᠴᠠ ᠪᠣᠯᠤᠭᠰᠠᠨ ᠪᠣᠯᠤᠨ᠎ᠠ᠃

ᠴᠠᠩ ᠭᠧᠤ ᠯᠢᠶᠠᠩ ᠪᠠᠯᠭ᠋ᠠᠰᠤ ᠠᠤᠬᠠᠨ ᠬᠤᠰᠢᠭᠤᠨ᠎ᠤ ᠡᠮᠦᠨ᠎ᠡ ᠬᠡᠰᠡᠭ᠎ᠲᠤ ᠪᠠᠶ᠋ᠢᠷᠢᠯᠠᠵᠤ᠂ ᠲᠠᠷᠢᠶᠠᠨ ᠭᠠᠵᠠᠷ᠎ᠨᠢ ᠠᠭᠤᠯᠠᠨ ᠂ ᠬᠡᠰᠡᠭ ᠪᠤᠰᠠᠭ ᠪᠠᠶ᠋ᠢᠵᠤ᠂ ᠴᠥᠭᠡᠨ ᠪᠤᠰᠤ ᠭᠠᠵᠠᠷ᠎ᠤᠨ ᠵᠠᠭ᠋ᠠᠭ ᠨᠢ ᠬᠡᠳᠦᠨ ᠠᠷᠪᠠᠨ ᠵᠢᠯ᠎ᠤᠨ ᠡᠮᠦᠨ᠎ᠡ ᠴᠢᠯᠠᠭᠤ᠂ ᠮᠣᠳᠣᠨ ᠰᠠᠯᠠᠭ᠎ᠠ᠎ᠪᠠᠷ ᠬᠢᠭᠰᠡᠨ ᠲᠡᠮᠳᠡᠭ ᠵᠶ᠋ᠠᠨ ᠦᠷᠭᠦᠯᠵᠢᠯᠡᠨ ᠬᠡᠷᠡᠭᠯᠡᠵᠦ ᠪᠠᠶ᠋ᠢᠪᠠ᠃ ᠨᠢᠭᠡ ᠤᠳᠠᠭ᠋ᠠᠨ᠎ᠤ ᠶᠡᠬᠡ ᠪᠣᠷᠤᠭ᠋ᠠᠨ ᠪᠤᠶᠤ ᠲᠠᠷᠢᠶᠠᠯᠠᠯᠲᠠ᠎ᠨᠢ ᠳᠠᠷᠤᠢ ᠵᠠᠭ᠋ᠠᠭ ᠬᠢᠵᠠᠭ᠋ᠠᠷ᠎ᠢ ᠪᠠᠯᠠᠷᠬᠠᠢ ᠪᠣᠯᠭ᠋ᠠᠬᠤ ᠮᠠᠭ᠋ᠠᠳ᠃ ᠨᠠᠮᠤᠷ᠎ᠤᠨ ᠬᠤᠷᠢᠶᠠᠯᠲᠠ ᠵᠢᠨ ᠦᠶ᠎ᠡ ᠪᠣᠯᠬᠤ ᠪᠦᠷᠢ᠂ ᠭᠠᠵᠠᠷ ᠰᠢᠷᠣᠶ ᠵᠢᠨ ᠵᠠᠭ᠋ᠠᠭ ᠬᠢᠵᠠᠭ᠋ᠠᠷ᠎ᠨᠢ ᠲᠣᠳᠣᠷᠬᠠᠶ ᠦᠭᠡᠶ᠎ᠠᠴᠠ ᠪᠣᠯᠵᠤ ᠡᠷᠳᠡᠨᠢ ᠰᠢᠰᠢ ᠵᠢ ᠵᠠᠪᠳᠤᠨ ᠬᠤᠷᠢᠶᠠᠬᠤ ᠪᠠᠶ᠋ᠢᠨ ᠳᠠᠬᠢᠨ ᠃

ᠡᠭᠦᠨ᠎ᠳᠤ᠂ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠰᠠᠨᠠᠭ᠋ᠠᠴᠢᠯᠠᠭ᠎ᠠ᠎ᠠᠴᠠ᠎ᠪᠠᠨ ᠲᠠᠷᠢᠶᠠᠨ ᠭᠠᠵᠠᠷ᠎ᠲᠤ ᠂ ᠨᠠᠮᠤᠷ᠎ᠤᠨ ᠬᠤᠷᠢᠶᠠᠯᠲᠠ ᠵᠢᠨ ᠲᠠᠷᠢᠶᠠᠯᠠᠩ᠎ᠢ ᠬᠠᠮᠠᠭ᠋ᠠᠯᠠᠬᠤ 《ᠲᠠᠷᠢᠶᠠᠨ ᠳᠠᠯᠠᠩ᠎ᠤᠨ ᠴᠠᠭᠳᠠᠭ᠋ᠠᠨ᠎ᠤ ᠶᠠᠪᠤᠳᠠᠯ᠎ᠤᠨ ᠲᠠᠰᠤᠭ》᠎ᠤᠨ ᠲᠣᠭᠲᠠᠴᠠ ᠵᠢ ᠡᠬᠢᠯᠡᠭᠦᠯᠦᠨ᠎ᠡ᠄ ᠭᠤᠷᠪᠠᠨ ᠨᠡᠭᠦᠳᠡᠯ ᠡᠶᠡᠳᠡᠭᠦᠯᠬᠦ ᠠᠩᠭᠢ ᠵᠢ ᠵᠣᠬᠢᠶᠠᠨ ᠪᠠᠶ᠋ᠢᠭᠤᠯᠵᠤ᠂ ᠠᠷᠠᠳ᠎ᠤᠨ ᠪᠠᠶ᠋ᠢᠳᠠᠯ᠎ᠤᠨ ᠡᠬᠡ ᠲᠠᠩᠰᠠ ᠪᠠ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠳᠣᠭᠢᠷᠠᠭᠤᠯᠤᠨ᠂ ᠣᠯᠤᠭᠰᠠᠨ᠎ᠤ ᠳᠠᠷᠠᠭ᠎ᠠ ᠠᠷᠪᠠᠨ ᠲᠠᠪᠤᠨ ᠮᠢᠨᠦ᠋ᠲ᠎ᠤᠨ ᠳᠣᠲᠣᠷ᠎ᠠ ᠲᠤᠬᠠᠶ ᠵᠢᠨ ᠲᠠᠯᠠᠪᠤᠷ᠎ᠲᠤ ᠬᠦᠷᠬᠦ ᠵᠢ ᠦᠨᠡᠨ ᠬᠦ᠌ ᠪᠠᠲᠤᠯᠠᠪᠠ; ᠥᠩᠭᠡᠷᠡᠭᠰᠡᠨ ᠵᠢᠯ᠎ᠤᠳ᠎ᠤᠨ ᠠᠮᠠᠷᠬᠠᠨ ᠡᠭᠦᠰᠬᠦ ᠤ ᠲᠠᠷᠢᠶᠠᠨ ᠭᠠᠵᠠᠷ᠎ᠲᠤ 《ᠡᠷᠭᠢᠵᠦ ᠦᠵᠡᠬᠦ》 ᠠᠵᠢᠯᠯᠠᠭ᠎ᠠ ᠥᠷᠨᠢᠭᠦᠯᠵᠦ᠂ ᠲᠡᠮᠳᠡᠭ᠎ᠢ ᠳᠠᠬᠢᠨ ᠬᠠᠷᠭᠤᠭᠤᠯᠵᠤ ᠦᠵᠡᠪᠡ; ᠡᠭᠦᠨ᠎ᠤ ᠬᠠᠮᠲᠤ ᠲᠣᠰᠬᠤᠨ᠎ᠤ ᠷᠠᠳᠢᠣ᠋ ᠨᠡᠪᠲᠡᠷᠡᠭᠦᠯᠭᠡ᠂ ᠲᠠᠷᠢᠶᠠᠨ ᠭᠠᠵᠠᠷ᠎ᠲᠤ ᠤᠬᠠᠭᠤᠯᠤᠨ ᠲᠠᠶ᠋ᠢᠯᠪᠤᠷᠢᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠭᠠᠵᠠᠷ ᠰᠢᠷᠣᠶ ᠵᠢᠨ ᠡᠷᠬᠡ ᠠᠰᠢᠭ᠎ᠤᠨ ᠮᠡᠳᠡᠯᠭᠡ ᠪᠠ ᠢ ᠰᠢᠢ᠍ᠳᠪᠦᠷᠢᠯᠡᠬᠦ ᠶᠠᠪᠤᠴᠠ ᠵᠢ ᠲᠦᠭᠡᠮᠡᠯᠵᠢᠭᠦᠯᠵᠦ᠂ ᠲᠠᠷᠢᠶᠠᠴᠢᠨ ᠡᠷᠦᠬᠡ ᠵᠢᠨ ᠨᠠᠮᠤᠷ᠎ᠤᠨ ᠬᠤᠷᠢᠶᠠᠯᠲᠠ ᠬᠥᠲᠥᠯᠦᠨ ᠵᠢᠯᠣᠭᠤᠳᠪᠠ᠃

10 ᠰᠠᠷ᠎ᠠ᠎ᠠᠴᠠ ᠂ 《ᠲᠠᠷᠢᠶᠠᠨ ᠳᠠᠯᠠᠩ᠎ᠤᠨ ᠴᠠᠭᠳᠠᠭ᠋ᠠᠨ᠎ᠤ ᠶᠠᠪᠤᠳᠠᠯ᠎ᠤᠨ ᠲᠠᠰᠤᠭ》᠎ᠤᠨ ᠲᠣᠭᠲᠠᠴᠠ᠎ᠳᠤ ᠲᠦᠰᠢᠭᠯᠡᠨ᠂ ᠠᠷᠠᠳ᠎ᠤᠨ ᠴᠠᠭᠳᠠᠭ᠎ᠠ ᠴᠥᠮ ᠲᠡᠷᠡ ᠳᠠᠷᠤᠶ ᠲᠠᠷᠢᠶᠠᠨ ᠭᠠᠵᠠᠷ᠎ᠲᠤ ᠬᠦᠷᠴᠦ᠂ ᠵᠥᠷᠢᠴᠡᠯ᠎ᠢ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠨ᠂ ᠲᠠᠷᠢᠶᠠᠴᠢᠨ ᠡᠷᠦᠬᠡ ᠵᠢᠨ ᠨᠠᠮᠤᠷ᠎ᠤᠨ ᠬᠤᠷᠢᠶᠠᠯᠲᠠ ᠵᠢᠨ ᠡᠷᠬᠡ ᠠᠰᠢᠭ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠪᠠ᠃ ᠣᠳᠣᠬᠠᠨ ᠪᠣᠯᠲᠠᠯ᠎ᠠ᠂ ᠪᠤᠢ ᠪᠦᠬᠦᠢ ᠢ ᠴᠥᠮ ᠬᠤᠶᠠᠷ ᠴᠠᠭ᠎ᠤᠨ ᠳᠣᠲᠣᠷ᠎ᠠ ᠲᠣᠬᠢᠲᠠᠶ ᠰᠢᠢ᠍ᠳᠪᠤᠷᠢᠯᠡᠵᠤ᠂ ᠲᠠᠷᠢᠶᠠᠴᠢᠨ ᠡᠷᠦᠬᠡ ᠵᠢᠨ ᠠᠵᠤ ᠠᠬᠤᠶ ᠵᠢᠨ ᠬᠤᠬᠢᠷᠠᠯ᠎ᠢ ᠡᠭᠦᠰᠭᠡᠭᠰᠡᠨ ᠦᠭᠡᠢ᠂ ᠨᠠᠮᠤᠷ᠎ᠤᠨ ᠬᠤᠷᠢᠶᠠᠯᠲᠠ ᠵᠢᠨ ᠡᠮᠬᠢ ᠳᠢᠭᠯᠢᠮ᠎ᠢ ᠪᠦᠲᠦᠮᠵᠢᠲᠡᠶ ᠬᠠᠮᠠᠭ᠋ᠠᠯᠠᠪᠠ᠃