ᠬᠠᠪᠤᠷ ᠴᠠᠭ᠎ᠤᠨ ᠠᠯᠬᠤᠭ᠎ᠠ ᠵᠢ ᠳᠠᠭ᠋ᠠᠯᠳᠤᠨ ᠤᠯᠠᠭ᠋ᠠᠨᠬᠠᠳᠠ ᠬᠣᠲᠠ ᠵᠢᠨ ᠠᠤᠬᠠᠨ ᠬᠤᠰᠢᠭᠤᠨ᠎ᠤ ᠱᠠᠨ ᠸᠠᠨ ᠽᠢ ᠤᠰᠤᠨ ᠴᠥᠭᠦᠷᠥᠮ ᠠᠮᠢᠵᠢᠷᠠᠯ᠎ᠤᠨ ᠬᠦᠴᠦᠨ ᠵᠶ᠋ᠠᠷ ᠪᠢᠯᠬᠠᠭᠰᠠᠨ ᠤᠯᠠᠷᠢᠯ᠎ᠢ ᠤᠭᠲᠤᠨ ᠠᠪᠴᠢᠷᠠᠯ᠎ᠠ᠃ ᠰᠦᠷᠦᠭ ᠰᠦᠷᠦᠭ ᠨᠡᠭᠦᠳᠡᠯ᠎ᠤᠨ ᠰᠢᠪᠠᠭᠤ ᠴᠥᠭᠦᠷᠦᠮ᠎ᠤᠨ ᠤᠰᠤᠨ ᠳᠡᠭᠡᠷ᠎ᠡ ᠪᠦᠵᠢᠭᠯᠡᠵᠦ ᠬᠠᠪᠤᠷ ᠢᠷᠡᠭᠰᠡᠨ᠎ᠢ ᠲᠤᠩᠬᠠᠭᠯᠠᠨ᠎ᠠ᠃
ᠬᠤᠯᠠ᠎ᠠᠴᠠ ᠢᠷᠡᠭᠰᠡᠨ ᠨᠡᠭᠦᠳᠡᠯ᠎ᠤᠨ ᠰᠢᠪᠠᠭᠤᠳ᠎ᠤᠨ ᠠᠮᠤᠷ ᠲᠦᠪᠰᠢᠨ ᠵᠶ᠋ᠠᠷ ᠢᠳᠡᠰᠢ ᠡᠷᠢᠬᠦ 《ᠬᠠᠩᠭ᠋ᠠᠯᠭ᠎ᠠ ᠵᠢᠨ ᠥᠷᠲᠡᠭᠡ》 ᠵᠢ ᠪᠠᠶ᠋ᠢᠭᠤᠯᠬᠤ ᠵᠢᠨ ᠲᠥᠯᠥᠭᠡ᠂ ᠠᠤᠬᠠᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠣᠰ ᠭᠠᠵᠠᠷ᠎ᠤᠨ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠵᠢᠨ ᠵᠢᠮ᠎ᠡ ᠶᠣᠰᠣᠲᠠᠢ ᠤᠶᠠᠯᠳᠤᠭᠤᠯᠤᠨ᠂ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠲᠤᠰᠬᠠᠶ ᠠᠵᠢᠯᠯᠠᠭ᠎ᠠ ᠵᠢ ᠴᠠᠭᠲᠤᠨᠢ ᠵᠣᠬᠢᠶᠠᠨ ᠪᠠᠢ᠌ᠭᠤᠯᠵᠤ᠂ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠲᠣᠭᠤᠷᠢᠨ ᠪᠠᠶ᠋ᠢᠴᠠᠭ᠋ᠠᠯᠲᠠ ᠪᠠ ᠤᠬᠠᠭᠤᠯᠭ᠎ᠠ ᠵᠢ ᠴᠢᠩᠭ᠋ᠠᠳᠬᠠᠨ᠂ ᠤᠮᠠᠷᠠᠲᠤ ᠵᠢᠨ ᠨᠡᠭᠦᠳᠡᠯ᠎ᠤᠨ ᠰᠢᠪᠠᠭᠤᠨ᠎ᠳᠤ
《ᠬᠠᠮᠠᠭ᠋ᠠᠯᠠᠭᠴᠢ ᠰᠢᠬᠦᠷ》᠎ᠢ ᠲᠤᠯᠭ᠋ᠠᠭᠤᠷᠢᠯᠠᠵᠤ ᠥᠭᠪᠡ᠃
ᠠᠤᠬᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠴᠣᠬᠢᠯᠲᠠ ᠥᠭᠬᠦ ᠪᠠ ᠰᠡᠷᠭᠡᠶ᠋ᠢᠯᠡᠬᠦ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠱᠠᠨ ᠸᠠᠨ ᠽᠢ ᠤᠰᠤᠨ ᠴᠥᠭᠦᠷᠥᠮ᠂ ᠴᠢᠩ ᠱᠠᠨ ᠤᠰᠤᠨ ᠴᠥᠭᠦᠷᠥᠮ᠂ ᠤᠯᠠᠭ᠋ᠠᠠᠠᠤᠰᠤ ᠤᠰᠤᠨ ᠴᠥᠭᠦᠷᠥᠮ᠂ ᠯᠤᠤᠬ᠎ᠠ ᠵᠢᠨ ᠭᠤᠣᠯ ᠳᠠᠭ᠋ᠠᠤ ᠵᠡᠷᠭᠡ ᠨᠡᠭᠦᠳᠡᠯ᠎ᠤᠨ ᠰᠢᠪᠠᠭᠤ ᠵᠢᠨ ᠨᠡᠭᠦᠳᠡᠯᠯᠡᠬᠦ ᠵᠠᠮ᠂ ᠨᠡᠭᠦᠳᠡᠯᠯᠡᠨ ᠠᠮᠠᠷᠠᠬᠤ ᠭᠠᠵᠠᠷ᠎ᠲᠤ ᠪᠠᠶ᠋ᠢᠩᠭᠤ ᠵᠢᠨ ᠴᠢᠨᠠᠷᠲᠠᠢ ᠲᠣᠭᠤᠷᠢᠨ ᠬᠠᠮᠠᠭ᠋ᠠᠯᠠᠬᠤ᠂ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠭᠤᠣᠯᠳᠠᠯᠭ᠎ᠠ᠎ᠲᠠᠢ ᠥᠷᠨᠢᠭᠦᠯᠵᠦ᠂ ᠨᠡᠭᠦᠳᠡᠯ᠎ᠤᠨ ᠰᠢᠪᠠᠭᠤ ᠵᠢᠨ ᠨᠡᠭᠦᠳᠡᠯ᠎ᠤᠨ ᠪᠠᠶ᠋ᠢᠳᠠᠯ᠎ᠢ ᠴᠢᠩᠭ᠎ᠠ ᠬᠢᠨᠠᠨ ᠡᠵᠡᠮᠳᠡᠵᠦ᠂ ᠬᠠᠷᠢᠶ᠎ᠠ ᠣᠷᠣᠨ᠎ᠤ ᠳᠣᠲᠣᠷᠠᠬᠢ ᠨᠡᠭᠦᠳᠡᠯ᠎ᠤᠨ ᠰᠢᠪᠠᠭᠤ ᠵᠢᠨ ᠣᠷᠣᠰᠢᠨ ᠠᠮᠢᠳᠤᠷᠠᠬᠤ ᠵᠢᠮ᠎ᠡ ᠶᠣᠰᠣ ᠵᠢᠴᠢ ᠲᠦᠷᠦᠯ ᠵᠦᠢ᠍ᠯ᠂ ᠲᠤᠭ᠎ᠠ ᠬᠡᠮᠵᠢᠶ᠎ᠡ ᠵᠢ ᠲᠣᠳᠣᠷᠬᠠᠢ ᠣᠶ᠋ᠢᠯᠠᠭ᠋ᠠᠵᠤ᠂ ᠬᠤᠣᠷ ᠲᠠᠯᠪᠢᠬᠤ ᠪᠣᠶᠤ ᠲᠣᠣᠷ ᠲᠠᠲᠠᠬᠤ ᠵᠡᠷᠭᠡ ᠨᠡᠭᠦᠳᠡᠯ᠎ᠤᠨ ᠰᠢᠪᠠᠭᠤ ᠵᠢ ᠳᠤᠷ᠎ᠠ᠎ᠪᠠᠷ ᠵᠶ᠋ᠠᠨ ᠠᠩᠨᠠᠵᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠵᠢ ᠴᠢᠩᠭ᠎ᠠ ᠰᠡᠷᠭᠡᠢ᠌ᠯᠡᠪᠡ᠃ ᠡᠭᠦᠨ᠎ᠤ ᠬᠠᠮᠲᠤ᠂ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠤᠬᠠᠭᠤᠯᠭ᠎ᠠ ᠵᠢ ᠦᠷᠭᠦᠯᠵᠢᠯᠡᠨ ᠥᠷᠨᠢᠭᠦᠯᠵᠦ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠥᠨᠳᠡᠯᠡᠨ ᠪᠢᠴᠢᠭᠡᠰᠦ ᠵᠢ ᠡᠯᠭᠦᠬᠦ᠎ᠪᠠᠷ ᠳᠠᠮᠵᠢᠭᠤᠯᠤᠨ᠂ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠵᠤ᠂ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠬᠤ ᠵᠢᠨ ᠬᠠᠮᠲᠤ ᠣᠯᠠᠨ ᠲᠦᠮᠡᠨ᠎ᠳᠤ ᠰᠢᠪᠠᠭᠤ ᠵᠢ ᠬᠠᠶ᠋ᠢᠷᠠᠯᠠᠬᠤ᠂ ᠰᠢᠪᠠᠭᠤ ᠵᠢ ᠬᠠᠮᠠᠭ᠋ᠠᠯᠠᠬᠤ ᠮᠡᠳᠡᠯᠭᠡ ᠵᠢ ᠲᠠᠶ᠋ᠢᠯᠪᠤᠷᠢᠯᠠᠨ ᠤᠬᠠᠭᠤᠯᠵᠤ᠂ ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠨᠡᠭᠦᠳᠡᠯ᠎ᠤᠨ ᠰᠢᠪᠠᠭᠤᠳ᠎ᠢ ᠬᠠᠮᠠᠭ᠋ᠠᠯᠠᠬᠤ ᠠᠵᠢᠯᠯᠠᠭ᠎ᠠ᠎ᠳᠤ ᠢᠳᠡᠪᠬᠢᠲᠡᠶ ᠤᠷᠤᠯᠴᠠᠭᠤᠯᠪᠠ᠃
ᠣᠶ᠋ᠢᠷ᠎ᠠ ᠵᠢᠨ ᠵᠢᠯ᠎ᠳᠤ᠂ ᠠᠤᠬᠠᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠢ ᠠᠬᠤᠶ ᠣᠷᠴᠢᠨ ᠲᠣᠭᠤᠷᠢᠨ᠎ᠢ ᠬᠠᠮᠠᠭ᠋ᠠᠯᠠᠬᠤ ᠡᠷᠴᠢᠮ ᠵᠶ᠋ᠠᠨ ᠲᠠᠰᠤᠷᠠᠯᠲᠠ ᠥᠬᠡᠶ ᠴᠢᠩᠭ᠋ᠠᠷᠠᠭᠤᠯᠬᠤ ᠵᠢ ᠳᠠᠭ᠋ᠠᠯᠳᠤᠨ᠂ ᠡᠷᠬᠢᠨ ᠲᠣᠭᠤᠷᠢᠨ᠎ᠤ ᠠᠮᠢ ᠠᠬᠤᠶ ᠵᠢᠨ ᠣᠷᠴᠢᠨ ᠲᠣᠭᠤᠷᠢᠨ ᠢᠯᠡᠳᠲᠡ ᠰᠠᠢ᠌ᠵᠢᠷᠠᠵᠤ᠂ ᠨᠡᠭᠦᠳᠡᠯ᠎ᠤᠨ ᠰᠢᠪᠠᠭᠤ ᠵᠢᠨ ᠲᠣᠭ᠎ᠠ ᠵᠢᠯ ᠳᠠᠷᠠᠭ᠋ᠠᠯᠠᠨ ᠨᠡᠮᠡᠭᠳᠡᠭᠰᠡᠨ ᠵᠶ᠋ᠠᠷ ᠪᠠᠷᠠᠬᠤ ᠦᠭᠡᠢ ᠡᠷᠭᠢᠨ ᠲᠣᠭᠣᠷᠢᠨ᠎ᠤ ᠤᠷᠭᠤᠮᠠᠯ᠎ᠤᠨ ᠬᠤᠴᠢᠯᠭ᠎ᠠ ᠴᠤ᠌ ᠢᠭᠴᠤ ᠰᠠᠬᠤᠯᠢᠭ ᠪᠣᠯᠤᠭᠰᠠᠨ ᠪᠠᠶ᠋ᠢᠨ᠎ᠠ᠃ (ᠠᠤᠬᠠᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠪᠠᠢ ᠰᠢᠤᠸᠠᠢ ᠮᠢᠩ ᠮᠡᠳᠡᠭᠡᠯᠡᠪᠡ)