ᠤᠶ᠋ᠢᠷ᠎ᠠ᠎ᠳᠤ᠂ ᠰᠢᠯᠢ ᠵᠢᠨ ᠭᠣᠣᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠦᠷᠭᠦᠯᠵᠢᠯᠡᠨ ᠴᠠᠰᠤ ᠤᠷᠤᠭᠰᠠᠨ ᠪᠥᠭᠡᠳ ᠠᠭ᠋ᠠᠷ᠎ᠤᠨ ᠳᠤᠯᠠᠭ᠋ᠠᠨ ᠦᠷᠭᠦᠯᠵᠢᠯᠡᠨ ᠪᠠᠭᠤᠷᠠᠵᠤ᠂ ᠬᠡᠰᠡᠭ ᠭᠠᠵᠠᠷ᠎ᠲᠤ ᠴᠠᠰᠤ ᠬᠤᠷᠠᠵᠤ ᠶᠠᠪᠤᠵᠤ ᠰᠠᠭᠤᠬᠤ ᠵᠢ ᠨᠦᠯᠦᠭᠡᠯᠡᠭᠰᠡᠨ ᠮᠥᠷᠲᠡᠬᠡᠨ ᠵᠠᠮ ᠬᠠᠷᠢᠯᠴᠠᠭ᠋ᠠᠨ᠎ᠤ ᠠᠳᠡᠯ ᠭᠠᠷᠬᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠤᠯᠠᠮ ᠨᠢᠭᠡ ᠠᠯᠬᠤᠮ ᠨᠡᠮᠡᠭᠳᠡᠭᠦᠯᠪᠡ᠃ ᠵᠠᠮ ᠬᠠᠷᠢᠯᠴᠠᠭ᠋ᠠᠨ᠎ᠤ ᠠᠳᠡᠯ᠎ᠢ ᠤᠷᠢᠳᠴᠢᠯᠠᠨ ᠰᠡᠷᠭᠡᠶ᠋ᠢᠯᠡᠬᠦ 《ᠬᠡᠮᠵᠢᠶ᠎ᠡ ᠵᠢ ᠪᠠᠭ᠋ᠠᠰᠬᠠᠵᠤ ᠶᠡᠭᠡ ᠵᠢ ᠬᠢᠵᠠᠭ᠋ᠠᠷᠯᠠᠬᠤ》 ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ ᠵᠶ᠋ᠠᠨ ᠦᠳᠲᠡᠷ ᠲᠦᠷᠭᠡᠨ ᠡᠬᠢᠯᠡᠭᠦᠯᠵᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠪᠠ᠃

ᠪᠠᠴᠢᠮ ᠪᠠᠶ᠋ᠢᠳᠠᠯ᠎ᠢ ᠠᠷᠭ᠋ᠠᠴᠠᠬᠤ ᠵᠢ ᠲᠡᠷᠢᠭᠦᠨ᠎ᠳᠤ ᠲᠠᠯᠪᠢᠵᠤ᠂ ᠵᠠᠮ ᠬᠠᠷᠢᠯᠴᠠᠭ᠋ᠠᠨ᠎ᠤ ᠪᠦᠬᠦᠯᠢ ᠴᠣᠭᠴᠠ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠪᠠ᠃ ᠬᠠᠷᠢᠶ᠎ᠠ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠂ ᠰᠠᠭ᠋ᠠᠳ ᠥᠬᠡᠶ ᠨᠡᠪᠲᠡᠷᠡᠬᠦ᠂ ᠡᠮᠬᠢ ᠵᠢᠷᠤᠮ᠎ᠲᠠᠢ ᠪᠠᠶ᠋ᠢᠬᠤ ᠵᠢ ᠪᠠᠲᠤᠯᠠᠬᠤ ᠵᠢᠨ ᠲᠥᠯᠥᠭᠡ᠂ ᠵᠠᠮ ᠬᠠᠷᠢᠯᠴᠠᠭ᠋ᠠᠨ᠎ᠤ ᠳᠠᠯᠳᠠ ᠬᠡᠮ᠎ᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠠᠮᠤᠷ ᠲᠦᠪᠰᠢᠨ᠎ᠤ ᠪᠠᠶ᠋ᠢᠳᠠᠯ᠎ᠢ ᠵᠠᠳᠠᠯᠤᠨ ᠮᠠᠭ᠋ᠠᠳᠯᠠᠵᠤ᠂ ᠤᠯᠤᠰ᠎ᠤᠨ ᠵᠠᠮ᠎ᠤᠨ 306᠂ ᠤᠯᠤᠰ᠎ᠤᠨ ᠵᠠᠮ᠎ᠤᠨ 207᠂ ᠪᠠᠶ ᠯᠢᠨ ᠱᠤᠭᠤᠮ ᠵᠡᠷᠭᠡ ᠭᠤᠤᠯᠳᠠᠯᠭ᠎ᠠ᠎ᠲᠠᠢ ᠵᠠᠮ᠎ᠤᠨ ᠬᠡᠰᠡᠭ᠎ᠲᠤ ᠬᠠᠮᠢᠶᠠᠷᠤᠨ ᠡᠵᠡᠮᠳᠡᠬᠦ ᠴᠡᠭ ᠭᠠᠷᠭ᠋ᠠᠵᠤ᠂ 24 ᠴᠠᠭ ᠵᠶ᠋ᠠᠷ ᠡᠭᠡᠯᠵᠢᠯᠡᠨ ᠲᠣᠭᠤᠷᠢᠨ ᠴᠠᠭᠳᠠᠬᠤ ᠪᠠ ᠵᠢᠵᠢᠭᠦᠷᠯᠡᠨ ᠰᠠᠬᠢᠵᠤ᠂ ᠵᠠᠮ ᠬᠠᠷᠢᠯᠴᠠᠭ᠋ᠠᠨ᠎ᠤ ᠬᠠᠮᠢᠶᠠᠷᠤᠨ ᠡᠵᠡᠮᠳᠡᠬᠦ ᠮᠡᠳᠡᠭᠳᠡᠯ᠎ᠢ ᠴᠠᠭ ᠲᠤᠬᠠᠶ᠎ᠳᠤᠨᠢ ᠨᠡᠶ᠋ᠢᠲᠡᠯᠡᠬᠦ ᠵᠢᠨ ᠬᠠᠮᠲᠤ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠬᠥᠰᠬᠡ᠎ᠳᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠰᠠᠨᠠᠭᠤᠯᠤᠮᠵᠢ ᠨᠡᠶ᠋ᠢᠲᠡᠯᠡᠵᠦ᠂ ᠵᠠᠮ ᠬᠠᠷᠢᠯᠴᠠᠭ᠋ᠠᠨ᠎ᠤ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠨ᠂ ᠬᠠᠲᠠᠭᠤ ᠰᠢᠷᠦᠭᠦᠨ ᠠᠭᠤᠷ ᠠᠮᠢᠰᠬᠤᠯ᠎ᠢ ᠠᠷᠭ᠋ᠠᠴᠠᠭ᠋ᠠᠬᠤ ᠵᠠᠮ ᠬᠠᠷᠢᠯᠴᠠᠭ᠋ᠠᠨ᠎ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠤᠷᠢᠳᠴᠢᠯᠠᠨ ᠨᠠᠶ᠋ᠢᠳᠠᠪᠤᠷᠢᠵᠢᠭᠤᠯᠵᠤ᠂ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠬᠥᠰᠬᠡ ᠵᠢ ᠬᠠᠮᠠᠭ᠋ᠠᠯᠠᠪᠠ᠃

ᠬᠠᠤᠯᠢ ᠵᠦᠷᠢᠴᠡᠭᠰᠡᠨ᠎ᠢ ᠴᠡᠭᠴᠡᠯᠡᠨ ᠵᠠᠰᠠᠬᠤ᠎ᠪᠠᠷ ᠦᠨᠳᠦᠰᠦ ᠪᠤᠯᠭ᠋ᠠᠵᠤ᠂ ᠬᠠᠤᠯᠢ ᠵᠦᠷᠢᠴᠡᠭᠰᠡᠨ ᠪᠠᠶ᠋ᠢᠳᠠᠯ᠎ᠳᠤ ᠴᠤᠬᠢᠯᠳᠠ ᠦᠭᠴᠤ ᠴᠢᠩᠭ᠎ᠠ ᠲᠠᠷᠤᠯᠳᠠ ᠦᠭᠬᠦ ᠪᠠᠶ᠋ᠢᠳᠠᠯ᠎ᠢ ᠪᠠᠲᠤᠯᠠᠪᠠ᠃ ᠠᠶᠠᠨᠴᠢᠨ᠎ᠤ ᠲᠡᠷᠭᠡ ᠵᠢᠨ ᠳᠠᠭ᠋ᠠᠭ᠋ᠠᠴᠠ᠎ᠠᠴᠠ ᠬᠡᠲᠦᠷᠡᠭᠦᠯᠬᠦ᠂ ᠪᠠᠷᠠᠭ᠋ᠠᠨ᠎ᠤ ᠲᠡᠷᠭᠡ ᠵᠢᠨ ᠳᠠᠭ᠋ᠠᠭ᠋ᠠᠴᠠ᠎ᠠᠴᠠ ᠬᠡᠲᠦᠷᠡᠭᠦᠯᠬᠦ᠂ ᠶᠠᠳᠠᠷᠠᠭᠤ᠎ᠪᠠᠷ ᠵᠢᠯᠣᠭᠣᠳᠬᠤ᠂ ᠦᠨᠡᠮᠯᠡᠯ ᠦᠭᠡᠢ᠎ᠪᠠᠷ ᠲᠡᠷᠭᠡ ᠵᠢᠯᠣᠭᠤᠳᠬᠤ᠂ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠭᠤᠤᠯᠳᠠᠯᠭ᠎ᠠ᠎ᠲᠠᠢ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠬᠠᠤᠯᠢ ᠬᠡᠷᠡᠭᠵᠢᠭᠦᠯᠵᠦ᠂ ᠪᠣᠯᠪᠠᠰᠤᠨ᠂ ᠵᠢᠷᠤᠮᠵᠢᠭᠤᠨ᠂ ᠲᠥᠪ ᠭᠤᠣᠯᠴᠢ᠎ᠪᠠᠷ ᠬᠠᠤᠯᠢ ᠬᠡᠷᠡᠭᠵᠢᠭᠦᠯᠵᠦ᠂ ᠪᠠᠶ᠋ᠢᠴᠠᠭ᠋ᠠᠨ ᠰᠢᠢ᠍ᠳᠪᠦᠷᠢᠯᠡᠭᠰᠡᠨ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠨᠢᠭᠡ ᠵᠢ ᠣᠯᠵᠤ ᠮᠡᠳᠡᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠴᠢᠩᠭ᠎ᠠ ᠬᠠᠮᠢᠶᠠᠷᠬᠤ ᠥᠨᠳᠥᠷ ᠳᠠᠷᠤᠯᠲᠠᠲᠤ ᠪᠠᠶ᠋ᠢᠳᠠᠯ᠎ᠢ ᠪᠤᠢ ᠪᠣᠯᠭ᠋ᠠᠪᠠ᠃ ᠢᠯᠠᠩᠭᠤᠶ᠎ᠠ ᠠᠮᠠᠷᠠᠯᠲᠠ ᠣᠶ᠋ᠢᠷᠠᠳᠴᠤ ᠨᠤᠲᠤᠭ᠎ᠲᠤ᠎ᠪᠠᠨ ᠪᠣᠴᠠᠬᠤ ᠬᠥᠮᠦᠰ᠂ ᠲᠥᠷᠥᠯ ᠰᠠᠳᠤᠨ ᠨᠠᠶ᠋ᠢᠵᠠ ᠨᠥᠬᠦᠳ ᠵᠶ᠋ᠠᠨ ᠡᠷᠭᠢᠵᠦ ᠦᠵᠡᠬᠦ ᠠᠵᠢᠯᠯᠠᠭ᠎ᠠ ᠣᠯᠠᠰᠢᠷᠠᠵᠤ᠂ ᠠᠷᠢᠬᠢ ᠤᠤᠭᠤᠭᠰᠠᠨ᠎ᠤ ᠳᠠᠷᠠᠭ᠎ᠠ ᠲᠡᠷᠭᠡ ᠵᠢᠯᠣᠭᠤᠳᠬᠤ ᠲᠦᠭᠰᠢᠭᠦᠷᠢ ᠨᠡᠮᠡᠭᠳᠡᠭᠰᠡᠨ ᠪᠣᠳᠠᠲᠤ ᠪᠠᠶ᠋ᠢᠳᠠᠯ᠎ᠳᠤ ᠴᠢᠭᠯᠡᠭᠦᠯᠦᠨ᠂ ᠠᠷᠠᠳ᠎ᠤᠨ ᠴᠠᠭᠳᠠᠭ᠎ᠠ ᠵᠢ ᠵᠣᠬᠢᠶᠠᠨ ᠪᠠᠶ᠋ᠢᠭᠤᠯᠤᠨ ᠭᠠᠷᠠᠭ᠎ᠤᠨ ᠰᠡᠭᠦᠯᠴᠢ᠂ ᠭᠤᠤᠯᠳᠠᠯᠭ᠎ᠠ᠎ᠲᠠᠢ ᠴᠠᠭ ᠬᠤᠭᠤᠴᠠᠭ᠋ᠠᠨ᠎ᠤ ᠰᠥᠨᠢ᠎ᠪᠠᠷ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠦᠷ ᠴᠠᠭ᠎ᠤᠨ ᠪᠠᠶ᠋ᠢᠴᠠᠭ᠋ᠠᠬᠤ ᠴᠡᠭ᠎ᠢ ᠵᠢᠷᠤᠮᠵᠢᠭᠤᠯᠤᠨ ᠪᠠᠶ᠋ᠢᠷᠢᠯᠠᠭᠤᠯᠵᠤ᠂ ᠬᠠᠷᠢᠶ᠎ᠠ ᠣᠷᠣᠨ᠎ᠤ 《ᠰᠤᠷᠲᠠᠯ ᠴᠢᠬᠡᠴᠢ ᠣᠪᠣᠷ ᠲᠥᠪ ᠪᠠᠶ᠋ᠢᠬᠤ》 ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠣᠷᠴᠢᠨ ᠲᠣᠭᠤᠷᠢᠨ᠎ᠢ ᠪᠣᠶ ᠪᠣᠯᠭ᠋ᠠᠪᠠ᠃

ᠦᠢ᠍ᠯᠡᠴᠢᠯᠡᠭᠡ᠎ᠪᠠᠷ ᠭᠤᠣᠯᠳᠠᠯᠭ᠎ᠠ ᠪᠣᠯᠭ᠋ᠠᠵᠤ᠂ ᠠᠷᠠᠳ ᠲᠦᠮᠡᠨ᠎ᠤ ᠠᠮᠣᠷ ᠳᠦᠪᠰᠢᠨ᠎ᠢ ᠬᠠᠮᠠᠭ᠋ᠠᠯᠠᠪᠠ᠃ ᠬᠤᠷᠠᠭᠰᠠᠨ ᠴᠠᠰᠤᠨ᠎ᠤ ᠵᠠᠮ᠎ᠤᠨ ᠬᠡᠰᠡᠭ᠎ᠲᠤ᠂ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠬᠥᠰᠬᠡ ᠵᠢ ᠶᠠᠪᠤᠭᠤᠯᠬᠤ᠎ᠨᠢ ᠵᠣᠬᠢᠰ ᠥᠬᠡᠶ ᠪᠤᠶᠤ ᠵᠠᠮ᠎ᠤᠨ ᠪᠠᠶ᠋ᠢᠳᠠᠯ ᠲᠣᠳᠣ ᠥᠬᠡᠶ᠎ᠠᠴᠠ ᠪᠣᠯᠵᠣ ᠴᠠᠰᠤ ᠰᠢᠭᠤᠷᠭ᠋ᠠᠨ᠎ᠳᠤ ᠬᠠᠰᠢᠭᠳᠠᠭᠰᠠᠨ ᠲᠡᠷᠭᠡ ᠦᠷᠭᠦᠯᠵᠢ ᠳᠣᠬᠢᠶᠠᠯᠠᠳᠠᠭ᠃ ᠬᠤᠰᠢᠭᠤᠨ᠎ᠤ ᠳᠣᠳᠣᠭ᠋ᠠᠳᠦ ᠵᠢ ᠬᠠᠮᠠᠭ᠋ᠠᠯᠠᠬᠤ ᠳᠣᠪᠴᠢᠶ᠎ᠠ᠎ᠨᠢ ᠴᠠᠭ ᠢᠮᠠᠭᠳᠠ ᠣᠯᠠᠨ ᠳᠦᠮᠡᠨ᠎ᠤ ᠠᠮᠣᠷ ᠳᠦᠪᠰᠢᠨ ᠪᠠ ᠠᠶᠣᠯ ᠳᠦᠭᠰᠢᠬᠦᠷᠢ ᠵᠢ ᠰᠡᠳᠬᠢᠯ᠎ᠳᠤ᠎ᠪᠠᠨ ᠪᠣᠳᠣᠵᠣ᠂ ᠵᠠᠮ ᠬᠠᠷᠢᠯᠴᠠᠭ᠋ᠠᠨ᠎ᠤ ᠬᠠᠮᠢᠶᠠᠷᠣᠯᠳᠠ ᠵᠢᠨ ᠰᠠᠯᠠᠭ᠎ᠠ ᠮᠦᠴᠢᠷ᠂ ᠳᠣᠮᠢᠯᠠᠭᠰᠠᠨ ᠰᠠᠯᠪᠣᠷᠢ ᠵᠢᠨ ᠴᠠᠭᠳᠠᠭ᠋ᠠᠨ᠎ᠤ ᠬᠦᠴᠦᠨ᠎ᠢ ᠵᠣᠬᠢᠶᠠᠨ ᠪᠠᠶ᠋ᠢᠭᠤᠯᠵᠣ᠂ ᠠᠪᠣᠷᠠᠨ ᠪᠠᠶ᠋ᠢᠴᠠᠭ᠋ᠠᠯᠳᠠ ᠦᠷᠨᠢᠬᠦᠯᠦᠨ᠂ ᠴᠠᠭ ᠳᠣᠬᠠᠢ᠎ᠳᠤᠨᠢ ᠠᠪᠣᠷᠠᠨ ᠳᠣᠰᠠᠯᠠᠬᠤ ᠠᠵᠢᠯᠯᠠᠭ᠎ᠠ ᠦᠷᠨᠢᠬᠦᠯᠵᠣ᠂ ᠬᠠᠰᠢᠭᠳᠠᠭᠰᠠᠨ ᠲᠡᠷᠬᠡ ᠪᠣᠯᠣᠨ ᠬᠦᠮᠦᠰ᠎ᠢ ᠬᠠᠪᠰᠣᠷᠴᠣ᠂ ᠠᠷᠠᠳ ᠳᠦᠮᠡᠨ᠎ᠤ ᠠᠮᠣᠷ ᠳᠦᠪᠰᠢᠨ᠎ᠢ ᠬᠠᠮᠠᠭ᠋ᠠᠯᠠᠪᠠ᠃