2025 ᠣᠨ᠎ᠤ 7 ᠰᠠᠷ᠎ᠠ ᠵᠢᠨ 31᠎ᠤ ᠡᠳᠦᠷ᠂ ᠠᠤᠬᠠᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠤ ᠵᠢᠨ ᠬᠡᠷᠡᠭ᠎ᠢ ᠲᠤᠷᠰᠢᠨ ᠪᠠᠶ᠋ᠢᠴᠠᠭ᠋ᠠᠬᠤ ᠶᠡᠭᠡ ᠠᠩᠭᠢ ᠬᠠᠷᠢᠶᠠᠲᠤ ᠣᠷᠣᠨ᠎ᠤ ᠰᠠᠭᠤᠭ᠋ᠠᠯᠢ ᠠᠷᠠᠳ ᠵᠣᠣ ᠠᠪᠠᠬᠠᠢ ᠵᠢᠨ ᠮᠡᠳᠡᠭᠦᠯᠦᠯᠲᠡ ᠵᠢ ᠭᠥᠯᠢᠶᠡᠨ ᠠᠪᠴᠤ᠂ ᠥᠪᠡᠷ᠎ᠢ᠎ᠪᠠᠨ 《ᠤᠯᠠᠭ᠋ᠠᠨᠬᠠᠳᠠ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ》 ᠵᠢᠨ ᠤᠲᠠᠰᠤ᠎ᠪᠠᠷ ᠲᠡᠭᠦᠨ ᠬᠡᠷᠡᠭ ᠮᠡᠳᠡᠭᠳᠡᠵᠦ᠂ ᠪᠥᠬᠦ ᠵᠣᠭᠤᠰ 8.8 ᠲᠦᠮᠡᠨ ᠲᠥᠭᠦᠷᠢᠭ ᠭᠠᠷᠭ᠋ᠠᠨ ᠠᠪᠤᠭᠰᠠᠨ᠎ᠤ ᠳᠠᠷᠠᠭ᠎ᠠ᠂ ᠬᠤᠪᠴᠠᠰᠤ ᠬᠤᠨᠠᠷ ᠵᠶ᠋ᠠᠷ ᠲᠦᠷᠭᠡᠨ ᠬᠦᠷᠭᠡᠯᠲᠡ᠎ᠪᠠᠷ ᠲᠣᠭᠲᠠᠭᠰᠠᠨ ᠬᠠᠶᠢᠭ᠎ᠲᠤ ᠢᠯᠡᠭᠡᠬᠦ ᠱᠠᠭ᠋ᠠᠷᠳᠠᠪᠠ᠃ ᠵᠣᠣ ᠠᠪᠠᠬᠠᠢ ᠠᠩᠬ᠎ᠠ ᠢᠷᠡᠭᠦᠯᠦᠭᠰᠡᠨ ᠤᠲᠠᠰᠤ ᠬᠡᠪ ᠪᠤᠰᠤ ᠰᠡᠷᠡᠵᠦ ᠮᠡᠳᠡᠭᠰᠡᠨ ᠳᠠᠷᠠᠭ᠎ᠠ ᠳᠠᠷᠤᠢ᠍ᠬᠠᠨ ᠮᠡᠳᠡᠭᠦᠯᠪᠡ᠃

ᠵᠢ ᠲᠤᠰᠤᠭᠰᠠᠨ᠎ᠤ ᠳᠠᠷᠠᠭ᠎ᠠ᠂ ᠮᠡᠬᠡᠯᠡᠯ᠎ᠢ ᠡᠰᠡᠷᠭᠦᠴᠡᠬᠦ ᠠᠷᠠᠳ᠎ᠤᠨ ᠴᠠᠭᠳᠠᠭ᠎ᠠ ᠲᠡᠷᠡ ᠳᠠᠷᠤᠶ ᠪᠠᠴᠢᠮ ᠪᠠᠶ᠋ᠢᠳᠠᠯ᠎ᠢ ᠠᠷᠭ᠋ᠠᠴᠠᠬᠤ ᠲᠣᠭᠲᠠᠴᠠ ᠵᠢ ᠡᠬᠢᠯᠡᠭᠦᠯᠵᠦ᠂ ᠮᠡᠬᠡᠯᠡᠭᠴᠢ᠎ᠲᠠᠢ ᠴᠠᠭ ᠮᠥᠴᠡ ᠵᠢ ᠵᠠᠪᠳᠤᠬᠤ ᠬᠤᠷᠢᠭᠯᠠᠬᠤ ᠪᠠᠶ᠋ᠢᠯᠳᠤᠭ᠋ᠠᠨ ᠬᠢᠪᠡ᠃ ᠲᠦᠷᠭᠡᠨ ᠬᠦᠷᠭᠡᠬᠦ ᠺᠣᠮᠫᠠᠨᠢ᠎ᠲᠠᠢ ᠪᠠᠴᠢᠮ ᠬᠠᠷᠢᠯᠴᠠᠵᠤ᠂ ᠪᠣᠭᠣᠳᠠᠯ ᠨᠢᠭᠡᠨᠲᠡ ᠭᠠᠷᠤᠭᠰᠠᠨ ᠨᠤᠲᠠᠯᠠᠪᠠ᠃ ᠲᠦᠷᠭᠡᠨ ᠬᠦᠷᠭᠡᠬᠦ ᠠᠵᠤ ᠠᠬᠤᠶ᠋ᠢᠯᠠᠯ᠎ᠤᠨ ᠪᠥᠬᠦ ᠬᠦᠴᠦᠨ᠎ᠤ ᠬᠠᠮᠵᠢᠯᠴᠠᠭ᠎ᠠ ᠳᠣᠤᠷ᠎ᠠ᠂ ᠠᠷᠠᠳ᠎ᠤᠨ ᠴᠠᠭᠳᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠮᠥᠷᠳᠡᠯᠲᠡ᠎ᠪᠠᠷ ᠳᠠᠮᠵᠢᠭᠤᠯᠤᠨ ᠪᠣᠭᠤᠳᠠᠯ ᠪᠠᠭᠯᠠᠭ᠎ᠠ ᠵᠢᠨ ᠣᠷᠣᠨ ᠪᠠᠶ᠋ᠢᠷᠢ ᠵᠢ ᠲᠣᠭᠲᠠᠭ᠋ᠠᠵᠤ᠂ ᠡᠴᠦᠰ ᠡᠨᠡ ᠬᠦ᠌ ᠬᠤᠬᠢᠷᠠᠯ ᠠᠮᠰᠠᠭᠴᠢ ᠵᠣᠣ ᠠᠪᠠᠬᠠᠶ ᠵᠢᠨ ᠵᠢ ᠠᠮᠵᠢᠯᠲᠠ᠎ᠲᠠᠢ᠎ᠪᠠᠷ ᠠᠪᠴᠢᠷᠠᠪᠠ᠂ ᠲᠤᠬᠠᠶ ᠵᠢᠨ ᠲᠠᠯᠠᠪᠤᠷ᠎ᠤᠨ ᠲᠣᠭ᠋ᠠᠯᠠᠨ ᠪᠦᠷᠢᠳᠬᠡᠬᠦ᠎ᠪᠠᠷ ᠳᠡᠮᠵᠢᠨ᠂ ᠪᠣᠭᠤᠳᠠᠯ ᠳᠣᠲᠣᠷᠠᠬᠢ 8.8 ᠲᠦᠮᠡᠨ ᠲᠥᠭᠦᠷᠢᠭ᠎ᠤᠨ ᠪᠡᠯᠡᠨ ᠮᠥᠩᠭᠦ ᠪᠠᠶ᠋ᠢᠪᠠ᠃ ᠲᠤᠰ ᠬᠡᠷᠡᠭ᠎ᠢ ᠣᠳᠣ ᠶᠠᠭ ᠤᠯᠠᠮ ᠨᠢᠭᠡ ᠠᠯᠬᠤᠮ ᠰᠢᠢ᠍ᠳᠪᠦᠷᠢᠯᠡᠵᠦ ᠪᠠᠶ᠋ᠢᠨ᠎ᠠ᠃

ᠠᠷᠠᠳ᠎ᠤᠨ ᠴᠠᠭᠳᠠᠭ᠎ᠠ ᠲᠦᠷᠭᠡᠨ ᠬᠠᠷᠢᠭᠤ ᠲᠤᠰᠬᠠᠯ ᠦᠭᠡᠢ ᠪᠣᠯ ᠮᠢᠨᠦ ᠴᠢᠰᠤ ᠬᠥᠯᠥᠰᠥ ᠵᠢ ᠨᠡᠬᠡᠵᠦ ᠠᠪᠴᠢᠷᠠᠵᠤ ᠴᠢᠳᠠᠬᠤ ᠦᠭᠡᠢ! ᠵᠣᠣ ᠠᠪᠠᠬᠠᠢ ᠵᠣᠭᠣᠰ ᠵᠶ᠋ᠠᠨ ᠳᠣᠭᠳᠣᠯᠣᠨ᠂ ᠲᠤᠬᠠᠶ ᠵᠢᠨ ᠲᠠᠯᠠᠪᠠᠶ᠎ᠳᠤ ᠨᠢᠯᠪᠤᠰᠤ ᠤᠨᠠᠭ᠋ᠠᠪᠠ᠃ ᠲᠡᠷᠡ ᠭᠡᠷ᠎ᠤᠨ ᠬᠥᠮᠦᠰ᠎ᠲᠠᠢ᠎ᠪᠠᠨ ᠠᠤᠬᠠᠨ ᠬᠤᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠮᠡᠬᠡᠯᠡᠯ᠎ᠢ ᠡᠰᠡᠷᠭᠦᠴᠡᠬᠦ ᠠᠷᠠᠳ᠎ᠤᠨ ᠴᠠᠭᠳᠠᠭ᠎ᠠ ᠵᠢᠨ ᠲᠤᠰᠬᠠᠢ ᠮᠡᠷᠭᠡᠵᠢᠯ᠎ᠤᠨ ᠥᠨᠳᠥᠷ ᠪᠦᠲᠦᠮᠵᠢᠲᠡᠢ ᠵᠠᠯᠭ᠋ᠠᠯᠳᠤᠭᠠ ᠲᠠᠯᠠᠷᠬᠠᠵᠤ ᠪᠠᠶ᠋ᠢᠬᠤ᠎ᠪᠠᠨ ᠢᠯᠡᠳᠬᠡᠵᠦ᠂ ᠬᠤᠶ᠋ᠢᠰᠢᠳᠠ ᠮᠡᠬᠡᠯᠡᠯ᠎ᠢ ᠰᠡᠷᠭᠡᠶ᠋ᠢᠯᠡᠬᠦ ᠤᠬᠠᠮᠰᠠᠷ ᠵᠶ᠋ᠠᠨ ᠯᠠᠪᠲᠠᠶ ᠃
ᠠᠤᠬᠠᠨ ᠴᠠᠭᠳᠠᠭ᠋ᠠᠨ ᠲᠠᠯ᠎ᠠ ᠵᠢᠨ᠎ᠬᠢᠨ ᠰᠠᠨᠠᠭᠤᠯᠬᠤ᠎ᠨᠢ᠄ ᠳᠣᠲᠣᠭ᠋ᠠᠳᠤ ᠵᠢ ᠬᠠᠮᠠᠭ᠋ᠠᠯᠠᠬᠤ ᠶᠠᠭ᠋ᠠᠬᠢᠭᠰᠠᠨ ᠤᠲᠠᠰᠤ᠎ᠪᠠᠷ ᠵᠣᠭᠣᠰ ᠭᠤᠪᠢᠭᠤᠯᠬᠤ ᠪᠤᠶᠤ ᠪᠡᠯᠡᠨ ᠵᠣᠭᠣᠰ ᠢᠯᠡᠭᠡᠬᠦ ᠵᠢ ᠱᠠᠭ᠋ᠠᠷᠳᠠᠬᠤ ᠦᠭᠡᠢ᠃ ᠡᠶ᠋ᠢᠮᠦᠷᠬᠦᠦ ᠮᠡᠳᠡᠭᠡ ᠵᠠᠩᠭᠢ ᠵᠢ ᠣᠯᠪᠠᠯ᠂ ᠲᠡᠷᠡ ᠳᠠᠷᠤᠶ 110᠎ᠳᠤ ᠤᠲᠠᠰᠤᠳᠠᠬᠤ ᠪᠤᠶᠤ ᠣᠶ᠋ᠢᠷ᠎ᠠ ᠬᠠᠪᠢ ᠵᠢᠨ ᠲᠣᠮᠢᠯᠠᠭᠰᠠᠨ ᠰᠠᠯᠪᠤᠷᠢ᠎ᠳᠤ ᠬᠦᠷᠴᠦ ᠬᠢᠨᠠᠨ ᠬᠠᠷᠭᠤᠭᠤᠯᠤᠭ᠋ᠠᠳ᠂ ᠮᠡᠬᠡᠯᠡᠭᠳᠡᠬᠦ᠎ᠠᠴᠠ ᠪᠣᠯᠭᠣᠮᠵᠢᠯᠠᠭ᠋ᠠᠷᠠᠢ᠃