ᠬᠣᠷᠠᠯ᠎ᠤᠨ ᠲᠡᠮᠳᠡᠭᠯᠡᠯ ᠬᠢᠬᠦ ᠪᠣᠯ ᠠᠯᠪᠠᠨ ᠭᠡᠷ᠎ᠤᠨ ᠨᠢᠭᠡᠨ ᠡᠳᠦᠷ ᠳᠣᠲᠣᠮ᠎ᠤᠨ ᠠᠵᠢᠯ ᠪᠣᠯᠣᠨ᠎ᠠ᠂ ᠦᠵᠡᠬᠦ᠎ᠳᠤ ᠬᠢᠯᠪᠠᠷ᠂ ᠭᠡᠪᠡᠴᠦ ᠦᠨᠡᠬᠡᠷ ᠰᠠᠢ᠌ᠨ ᠬᠢᠬᠦ ᠭᠡᠪᠡᠯ ᠲᠡᠢ᠌ᠮᠦ ᠬᠢᠯᠪᠠᠷ ᠪᠢᠰᠢ ᠶᠣᠮ᠃ ᠬᠣᠷᠠᠯ᠎ᠠᠴᠠ ᠡᠮᠦᠨ᠎ᠡ᠂ ᠬᠣᠷᠠᠯ᠎ᠤᠨ ᠳᠣᠮᠳᠠ᠂ ᠬᠣᠷᠠᠯ᠎ᠤᠨ ᠳᠠᠷᠠᠭ᠎ᠠ ᠶᠡᠬᠡ ᠬᠡᠮᠵᠢᠶᠡᠨ᠎ᠤ ᠴᠠᠭ ᠪᠠ ᠬᠦᠴᠦᠨ ᠵᠠᠷᠣᠴᠠᠭᠣᠯᠵᠣ᠂ ᠡᠯ᠎ᠡ ᠲᠠᠯ᠎ᠠ ᠵᠢᠨ ᠨᠠᠷᠢᠨ ᠵᠦᠢ᠍ᠯᠡᠰ ᠪᠠ ᠡᠯᠸᠮᠸᠨ᠋ᠲᠤᠳᠢ ᠭᠦᠢ᠍ᠴᠡᠳ ᠪᠣᠳᠣᠯᠬᠢᠯᠠᠬᠣ ᠴᠢᠬᠣᠯᠠᠲᠠᠢ᠃ ᠬᠣᠷᠠᠯ᠎ᠤᠨ ᠲᠡᠮᠳᠡᠭᠯᠡᠯ᠎ᠢ ᠰᠠᠢ᠌ᠲᠣᠷ ᠬᠢᠬᠦ ᠭᠡᠪᠡᠯ ᠳᠣᠣᠷᠠᠬᠢ ᠭᠣᠷᠪᠠᠨ ᠲᠠᠯ᠎ᠠ ᠵᠢ ᠠᠩᠬᠠᠷᠬᠣ ᠬᠡᠷᠡᠭᠲᠡᠢ᠃
ᠨᠢᠭᠡ᠂ ᠨᠠᠷᠢᠨ ᠬᠢᠨᠠᠮᠠᠭ᠋ᠠᠢ ᠪᠡᠯᠡᠳᠬᠡᠯ ᠠᠵᠢᠯ᠎ᠢ ᠬᠢᠬᠦ ᠬᠡᠷᠡᠭᠲᠡᠢ᠃
ᠨᠠᠷᠢᠨ ᠬᠢᠨᠠᠮᠠᠭ᠋ᠠᠢ ᠪᠡᠯᠡᠳᠬᠡᠯ ᠠᠵᠢᠯ ᠬᠢᠬᠦ ᠪᠣᠯ ᠬᠣᠷᠠᠯ᠎ᠤᠨ ᠲᠡᠮᠳᠡᠭᠯᠡᠯ ᠵᠶ᠋ᠡᠨ ᠰᠠᠢ᠌ᠲᠣᠷ ᠬᠢᠬᠦ ᠵᠢᠨ ᠴᠢᠬᠣᠯᠠ ᠪᠠᠳᠣᠯᠠᠭ᠎ᠠ ᠮᠦᠨ᠃ ᠬᠣᠷᠠᠯ᠎ᠠᠴᠠ ᠡᠮᠦᠨ᠎ᠡ᠂ ᠲᠡᠮᠳᠡᠭᠯᠡᠭᠴᠢ ᠬᠣᠷᠠᠯ ᠳᠡᠭᠡᠷ᠎ᠡ ᠶᠠᠷᠢᠯᠴᠠᠬᠣ ᠰᠡᠳᠦᠪ ᠪᠠ ᠭᠣᠣᠯ ᠠᠭᠣᠯᠭ᠎ᠠ ᠵᠢ ᠨᠠᠷᠢᠨ ᠣᠢ᠌ᠯᠠᠭ᠋ᠠᠭᠰᠠᠨ᠎ᠤ ᠰᠠᠭᠣᠷᠢᠨ᠎ᠳᠤ᠂ ᠦᠩᠭᠡᠷᠡᠭᠰᠡᠨ᠎ᠳᠤ ᠶᠠᠪᠣᠭᠳᠠᠭᠰᠠᠨ ᠬᠠᠮᠢᠶ᠎ᠠ ᠪᠦᠬᠦᠢ ᠬᠣᠷᠠᠯ᠎ᠤᠨ ᠶᠠᠷᠢᠯᠴᠠᠭᠰᠠᠨ ᠦᠷ᠎ᠡ ᠳ᠋ᠦᠩ᠂ ᠬᠣᠷᠠᠯ᠎ᠤᠨ ᠰᠢᠢ᠍ᠳᠪᠦᠷᠢ ᠵᠡᠷᠭᠡ᠎ᠳᠤ ᠪᠠᠰᠠ ᠳᠣᠲᠣᠷ ᠵᠶ᠋ᠠᠨ ᠲᠣᠭ᠋ᠠᠲᠠᠢ ᠪᠠᠢ᠌ᠬᠣ ᠬᠡᠷᠡᠭᠲᠡᠢ᠃ ᠬᠣᠷᠠᠯ᠎ᠤᠨ ᠲᠡᠮᠳᠡᠭᠯᠡᠯ ᠬᠢᠬᠦ᠎ᠳᠤ ᠶᠡᠷᠦ᠎ᠳᠡᠭᠡᠨ ᠲᠣᠬᠠᠢ ᠵᠢᠨ ᠲᠠᠯᠠᠪᠣᠷ᠎ᠲᠤ ᠦᠰᠦᠭ ᠪᠢᠴᠢᠭ (ᠪᠢᠷ ᠪᠣᠶᠣ ᠡᠯᠸᠺᠲᠷᠣᠨ) ᠵᠶ᠋ᠠᠷ ᠲᠡᠮᠳᠡᠭᠯᠡᠬᠦ ᠪᠠ ᠳᠠᠭᠣ ᠰᠢᠩᠭᠡᠭᠡᠬᠦ (ᠳᠦᠷᠰᠦ ᠰᠢᠩᠭᠡᠭᠡᠬᠦ) ᠵᠢ ᠣᠶᠠᠯᠳᠣᠭᠣᠯᠣᠭᠰᠠᠨ ᠠᠷᠭ᠎ᠠ ᠮᠠᠶᠢᠭ᠎ᠢ ᠬᠡᠷᠡᠭᠯᠡᠨ᠎ᠡ᠂ ᠨᠢᠭᠡ ᠲᠠᠯ᠎ᠠ᠎ᠪᠠᠷ ᠲᠡᠮᠳᠡᠭᠯᠡᠬᠦ ᠠᠭᠣᠯᠭ᠎ᠠ ᠵᠢᠨ ᠪᠦᠷᠢᠨ ᠪᠦᠲᠦᠨ ᠪᠠ ᠣᠨᠣᠪᠴᠢᠳᠣ ᠴᠢᠨᠠᠷ᠎ᠢ ᠪᠠᠲᠣᠯᠠᠵᠣ᠂ ᠨᠦᠭᠦᠭᠡ ᠲᠠᠯ᠎ᠠ᠎ᠪᠠᠷ ᠪᠡᠯᠡᠳᠬᠡᠯ ᠠᠵᠢᠯ᠎ᠢ ᠬᠢᠬᠦ᠎ᠳᠤ ᠨᠡᠩ ᠦᠨᠳᠦᠷ ᠱᠠᠭ᠋ᠠᠷᠳᠠᠯᠭ᠎ᠠ ᠵᠢ ᠳᠣᠷᠠᠳᠣᠭᠰᠠᠨ ᠪᠠᠢ᠌ᠨ᠎ᠠ᠃
ᠬᠣᠶᠠᠷ᠂ ᠪᠦᠷᠢᠨ ᠭᠦᠢ᠍ᠴᠡᠳ ᠪᠦᠭᠡᠳ ᠦᠨᠡᠨ ᠪᠣᠳᠠᠲᠠᠢ᠎ᠪᠠᠷ ᠲᠡᠮᠳᠡᠭᠯᠡᠬᠦ ᠬᠡᠷᠡᠭᠲᠡᠢ᠃
ᠨᠢᠭᠡᠨ ᠬᠣᠪᠢ ᠪᠦᠷᠢᠨ ᠭᠦᠢ᠍ᠴᠡᠳ ᠬᠣᠷᠠᠯ᠎ᠤᠨ ᠲᠡᠮᠳᠡᠭᠯᠡᠯ᠎ᠨᠢ ᠬᠣᠷᠠᠯ᠎ᠤᠨ ᠭᠣᠣᠯ ᠠᠭᠣᠯᠭ᠎ᠠ᠎ᠠᠴᠠ ᠭᠠᠳᠠᠨ᠎ᠠ᠂ ᠬᠣᠷᠠᠯ᠎ᠤᠨ ᠨᠡᠷᠡᠢ᠌ᠳᠦᠯ᠂ ᠭᠠᠵᠠᠷ ᠣᠷᠣᠨ᠂ ᠡᠬᠢᠯᠡᠬᠦ ᠴᠠᠭ᠂ ᠡᠷᠬᠢᠯᠡᠭᠴᠢ᠂ ᠲᠡᠮᠳᠡᠭᠯᠡᠭᠴᠢ᠂ ᠬᠣᠷᠠᠯ᠎ᠳᠤ ᠣᠷᠣᠯᠴᠠᠭᠴᠢ᠂ ᠰᠣᠯᠠ ᠣᠷᠣᠯᠴᠠᠭᠴᠢ᠂ ᠰᠠᠭ᠋ᠠᠳᠠᠭᠰᠠᠨ ᠬᠦᠮᠦᠨ᠂ ᠬᠣᠷᠠᠯ᠎ᠳᠤ ᠶᠠᠷᠢᠯᠴᠠᠬᠣ ᠰᠡᠳᠦᠪ ᠵᠡᠷᠭᠡ ᠴᠢᠬᠣᠯᠠ ᠡᠯᠸᠮᠸᠨ᠋ᠲᠤᠳᠢ ᠪᠠᠰᠠ ᠪᠠᠭᠲᠠᠭ᠋ᠠᠬᠣ ᠬᠡᠷᠡᠭᠲᠡᠢ᠃ ᠬᠣᠷᠠᠯ᠎ᠤᠨ ᠲᠡᠮᠳᠡᠭᠯᠡᠯ ᠬᠢᠬᠦ ᠵᠣᠷᠢᠯᠭ᠎ᠠ᠎ᠨᠢ ᠪᠣᠯ ᠳᠠᠷᠣᠢ ᠬᠣᠷᠠᠯ ᠶᠠᠪᠣᠭᠳᠠᠬᠣ ᠦᠶᠡᠰ᠎ᠤᠨ ᠪᠠᠢ᠌ᠳᠠᠯ᠎ᠢ ᠦᠨᠡᠨ ᠪᠣᠳᠠᠲᠠᠢ᠎ᠪᠠᠷ ᠲᠡᠮᠳᠡᠭᠯᠡᠨ᠂ ᠬᠣᠵᠢᠮ ᠪᠠᠢ᠌ᠴᠠᠭ᠋ᠠᠨ ᠦᠵᠡᠬᠦ᠎ᠳᠤ ᠳᠦᠭᠦᠮ ᠦᠵᠡᠭᠦᠯᠬᠦ ᠵᠢᠨ ᠲᠦᠯᠦᠭᠡ ᠪᠣᠯᠣᠨ᠎ᠠ᠃ ᠡᠢ᠌ᠮᠦ᠎ᠠᠴᠠ᠂ ᠬᠣᠷᠠᠯ᠎ᠤᠨ ᠲᠡᠮᠳᠡᠭᠯᠡᠯ᠎ᠢ ᠪᠢᠴᠢᠬᠦ᠎ᠳᠤ ᠡᠷᠬᠡᠪᠰᠢ ᠦᠨᠡᠨ ᠪᠣᠳᠠᠲᠠᠢ ᠪᠠᠢ᠌ᠬᠣ ᠵᠢ ᠱᠠᠭ᠋ᠠᠷᠳᠠᠵᠣ᠂ ᠬᠣᠪᠢ ᠬᠦᠮᠦᠨ᠎ᠤ ᠦᠵᠡᠯ ᠰᠠᠨᠠᠭ᠎ᠠ᠎ᠪᠠᠨ ᠪᠢᠴᠢᠬᠦ ᠪᠣᠶᠣ ᠵᠣᠷᠢᠭᠣᠳᠠ ᠶᠠᠷᠢᠶᠠᠨ᠎ᠤ ᠠᠭᠣᠯᠭ᠎ᠠ᠎ᠳᠤ ᠨᠡᠮᠡᠯᠲᠡ ᠬᠠᠰᠣᠯᠲᠠ ᠣᠷᠣᠭᠣᠯᠵᠣ ᠪᠢᠴᠢᠵᠦ ᠣᠭᠲᠣ ᠪᠣᠯᠬᠣ ᠦᠭᠡᠢ᠃
ᠭᠣᠷᠪᠡ᠂ ᠴᠠᠭ ᠲᠣᠬᠠᠢᠳᠤᠨᠢ ᠵᠦᠪ ᠣᠨᠣᠪᠴᠢᠳᠠᠢ ᠡᠮᠬᠢᠳᠬᠡᠯ ᠬᠢᠬᠦ ᠬᠡᠷᠡᠭᠲᠡᠢ᠃
ᠬᠣᠷᠠᠯ ᠶᠠᠪᠣᠭᠳᠠᠬᠣ ᠦᠶᠡᠰ᠎ᠤᠨ ᠲᠡᠮᠳᠡᠭᠯᠡᠭᠰᠡᠨ ᠠᠭᠣᠯᠭ᠎ᠠ᠎ᠨᠢ ᠵᠦᠪᠬᠡᠨ ᠡᠬᠢ ᠨᠣᠣᠷᠠᠭ ᠪᠠᠢ᠌ᠵᠣ᠂ ᠬᠣᠷᠠᠯ ᠳᠠᠭᠣᠰᠣᠭᠰᠠᠨᠤ ᠳᠠᠷᠠᠭ᠎ᠠ ᠡᠷᠬᠡᠪᠰᠢ ᠡᠬᠢ ᠨᠣᠣᠷᠠᠭ᠎ᠤᠨ ᠰᠠᠭᠣᠷᠢᠨ ᠳᠡᠭᠡᠷ᠎ᠡ ᠪᠦᠷᠢᠨ ᠪᠦᠲᠦᠨ ᠴᠢᠬᠣᠯᠠ ᠡᠯᠸᠮᠸᠨ᠋ᠲ᠎ᠲᠠᠢ᠂ ᠦᠭᠡ ᠦᠰᠦᠭ᠎ᠨᠢ ᠣᠷᠣᠰᠣᠮᠡ ᠨᠡᠢ᠌ᠴᠡᠪᠦᠷᠢᠲᠠᠢ᠂ ᠳᠦᠷᠢᠮᠵᠢᠭᠰᠡᠨ ᠬᠡᠯᠪᠡᠷᠢ ᠮᠠᠶᠢᠭᠲᠠᠢ ᠬᠣᠷᠠᠯ᠎ᠤᠨ ᠲᠡᠮᠳᠡᠭᠯᠡᠯ᠎ᠢ ᠳᠠᠷᠣᠢ ᠲᠦᠷᠭᠡᠨ ᠡᠮᠬᠢᠳᠬᠡᠨ ᠭᠠᠷᠭ᠋ᠠᠬᠣ ᠬᠡᠷᠡᠭᠲᠡᠢ᠃ ᠡᠭᠦᠨ᠎ᠳᠤ ᠠᠩᠬᠠᠷᠬᠣ᠎ᠨᠢ᠄ (ᠨᠢᠭᠡ) ᠲᠡᠮᠳᠡᠭᠯᠡᠭᠰᠡᠨ ᠠᠭᠣᠯᠭ᠎ᠠ ᠵᠢᠨ ᠳᠣᠲᠠᠭᠰᠠᠨ ᠬᠡᠰᠡᠭ᠎ᠢ ᠨᠦᠬᠦᠪᠦᠷᠢᠯᠡᠨ᠎ᠡ᠃ (ᠬᠣᠶᠠᠷ) ᠬᠦᠮᠦᠨ᠎ᠤ ᠨᠡᠷ᠎ᠡ᠂ ᠭᠠᠵᠠᠷ᠎ᠤᠨ ᠨᠡᠷ᠎ᠡ᠂ ᠪᠠᠢ᠌ᠭᠣᠯᠭ᠎ᠠ ᠵᠢᠨ ᠨᠡᠷ᠎ᠡ᠂ ᠬᠡᠷᠡᠭ ᠶᠠᠪᠣᠳᠠᠯ᠎ᠤᠨ ᠨᠡᠷ᠎ᠡ ᠵᠡᠷᠭᠡ ᠲᠣᠰᠬᠠᠢ ᠨᠡᠷ᠎ᠡ ᠦᠭᠡᠰ᠎ᠢ ᠨᠢᠭᠡᠳ ᠨᠢᠭᠡ᠎ᠪᠠᠷ ᠬᠢᠨᠠᠨ ᠬᠠᠷᠭᠣᠭᠣᠯᠬᠣ ᠬᠡᠷᠡᠭᠲᠡᠢ᠃ (ᠭᠣᠷᠪᠠ) ᠲᠡᠮᠳᠡᠭᠯᠡᠭᠰᠡᠨ ᠪᠢᠴᠢᠭ ᠮᠠᠲᠸᠷᠢᠶᠠᠯ ᠵᠶ᠋ᠠᠨ ᠪᠦᠬᠦ ᠲᠠᠯ᠎ᠠ᠎ᠪᠠᠷ ᠡᠮᠬᠢᠳᠬᠡᠨ ᠪᠠᠢ᠌ᠴᠠᠭ᠋ᠠᠬᠣ ᠬᠡᠷᠡᠭᠲᠡᠢ᠃
ᠬᠣᠷᠠᠯ᠎ᠤᠨ ᠲᠡᠮᠳᠡᠭᠯᠡᠯ᠎ᠢ ᠳᠠᠷᠣᠮᠯᠠᠵᠣ ᠬᠡᠷᠡᠭᠯᠡᠬᠦ ᠭᠡᠪᠡᠯ᠂ ᠠᠷᠣ᠎ᠳᠠᠬᠢ ᠪᠠᠭᠣᠯᠭ᠋ᠠᠬᠣ ᠬᠡᠯᠬᠢᠶᠡᠰᠦ ᠵᠢ ᠳᠠᠷᠣᠭ᠋ᠠᠷᠠᠢ!