ᠦᠢᠯᠡᠴᠢᠯᠡᠭᠡ   -   ᠳᠣᠲᠣᠭᠠᠳᠤ᠎ᠶᠢ ᠬᠠᠮᠠᠭᠠᠯᠠᠬᠤ ᠪᠢᠴᠢᠭ ᠬᠠᠷ᠎ᠠ᠎ᠶᠢᠨ ᠬᠡᠯᠪᠡᠷᠢ
ᠰᠢᠭᠣᠳ ᠬᠦᠯᠢᠶᠡᠨ ᠰᠢᠢ᠍ᠳᠪᠦᠷᠢᠯᠡᠬᠦ ᠵᠢ ᠵᠦᠪᠰᠢᠶᠡᠷᠡᠭᠦᠯᠬᠦ᠎ᠪᠠᠷ ᠳᠡᠪᠰᠢᠭᠦᠯᠦᠭᠰᠡᠨ ᠪᠢᠴᠢᠭ᠎ᠤᠨ ᠬᠡᠯᠪᠡᠷᠢ
ᠨᠡᠶ᠋ᠢᠲᠡᠯᠡᠭᠰᠡᠨ ᠴᠠᠭ᠄ 2019-11-12

      ᠠᠩᠬᠠᠷᠬᠣ ᠵᠦᠢ᠍ᠯ᠎ᠤᠳ᠄

      ᠨᠢᠭᠡ᠂ ᠲᠣᠰ ᠪᠢᠴᠢᠭ ᠬᠠᠷ᠎ᠠ ᠵᠢ 《ᠡᠷᠡᠭᠦᠦ ᠵᠢᠨ ᠵᠠᠷᠭᠤ ᠵᠢᠨ ᠬᠠᠤᠯᠢ》 ᠵᠢᠨ ᠠᠷᠪᠠᠨ ᠨᠠᠢ᠍ᠮᠠᠳᠣᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ ᠪᠠ 《ᠠᠷᠠᠳ᠎ᠤᠨ ᠪᠠᠶ᠋ᠢᠴᠠᠭ᠋ᠠᠬᠤ ᠬᠣᠷᠢᠶᠠᠨ᠎ᠤ ᠡᠷᠡᠭᠦᠦ ᠵᠢᠨ ᠵᠠᠷᠭᠤ ᠵᠢᠨ ᠳᠦᠷᠢᠮᠯᠡᠯ》᠎ᠤᠨ ᠠᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ ᠵᠣᠬᠢᠶᠠᠨ᠎ᠠ᠃ ᠮᠤᠵᠢ ᠵᠢᠨ ᠱᠠᠲᠤᠨ᠎ᠠᠴᠠ ᠳᠣᠭᠣᠭᠰᠢᠬᠢ ᠠᠷᠠᠳ᠎ᠤᠨ ᠪᠠᠶ᠋ᠢᠴᠠᠭ᠋ᠠᠬᠤ ᠬᠣᠷᠢᠶ᠎ᠠ᠎ᠨᠢ ᠲᠥᠷᠦ ᠵᠢᠨ ᠪᠠᠶ᠋ᠢᠭᠤᠯᠭ᠎ᠠ ᠵᠢᠨ ᠠᠵᠢᠯᠲᠠᠨ᠎ᠤ ᠲᠣᠰᠢᠶᠠᠯ᠎ᠤᠨ ᠡᠷᠬᠡ᠎ᠪᠠᠨ ᠠᠰᠢᠭᠯᠠᠭᠰᠠᠨ ᠪᠤᠰᠤᠳ ᠬᠦᠨᠳᠦ ᠶᠡᠬᠡ ᠶᠠᠯᠠᠲᠤ ᠬᠡᠷᠡᠭ᠎ᠢ ᠰᠢᠭᠤᠳ ᠬᠦᠯᠢᠶᠡᠨ ᠠᠪᠴᠤ ᠰᠢᠢ᠍ᠳᠪᠦᠷᠢᠯᠡᠬᠦ ᠴᠢᠬᠤᠯᠠᠲᠠᠶ ᠭᠡᠵᠦ ᠦᠵᠡᠨ᠂ ᠪᠠᠶ᠋ᠢᠴᠠᠭ᠋ᠠᠬᠤ ᠺᠣᠮᠢᠰ ᠵᠶ᠋ᠠᠷ ᠶᠠᠷᠢᠯᠴᠠᠭᠤᠯᠤᠨ ᠲᠣᠭᠲᠠᠭ᠋ᠠᠯᠭ᠋ᠠᠭ᠋ᠠᠳ᠂ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠪᠠᠶ᠋ᠢᠴᠠᠭ᠋ᠠᠬᠤ ᠬᠣᠷᠢᠶ᠎ᠠ᠎ᠳᠤ ᠳᠡᠪᠰᠢᠭᠦᠯᠵᠦ ᠵᠥᠪᠰᠢᠶᠡᠷᠡᠭᠦᠯᠬᠦ ᠦᠶ᠎ᠡ᠎ᠳᠤ ᠬᠡᠷᠡᠭᠯᠡᠨ᠎ᠡ᠃
      ᠬᠣᠶᠠᠷ᠂ ᠲᠤᠰ ᠪᠢᠴᠢᠭ ᠬᠠᠷ᠎ᠠ ᠵᠢ ᠮᠡᠳᠡᠭᠦᠯᠦᠨ ᠬᠦᠷᠭᠡᠬᠦ ᠪᠠᠶ᠋ᠢᠭᠤᠯᠭ᠎ᠠ᠎ᠨᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠪᠣᠯᠤᠨ᠎ᠠ᠂ ᠦᠨᠳᠦᠰᠦᠨ ᠱᠠᠲᠤᠨ᠎ᠤ ᠠᠷᠠᠳ᠎ᠤᠨ ᠪᠠᠶ᠋ᠢᠴᠠᠭ᠋ᠠᠬᠤ ᠬᠣᠷᠢᠶ᠎ᠠ ᠵᠥᠪᠰᠢᠶᠡᠷᠡᠭᠦᠯᠬᠦ᠎ᠪᠠᠷ ᠳᠡᠪᠰᠢᠭᠦᠯᠦᠭᠰᠡᠨ ᠪᠠᠢ᠌ᠪᠠᠯ᠂ ᠪᠠᠢ᠌ᠭ᠎ᠠ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠪᠠᠶ᠋ᠢᠴᠠᠭ᠋ᠠᠬᠤ ᠬᠣᠷᠢᠶ᠎ᠠ᠎ᠳᠤ ᠱᠠᠲᠤ ᠳᠠᠷᠠᠭ᠋ᠠᠯᠠᠨ ᠮᠡᠳᠡᠭᠦᠯᠵᠦ ᠲᠣᠭᠲᠠᠭ᠋ᠠᠯᠭ᠋ᠠᠬᠤ ᠬᠡᠷᠡᠭᠲᠡᠶ᠃ ᠪᠢᠴᠢᠭ ᠬᠠᠷ᠎ᠠ ᠵᠢᠨ ᠲᠠᠷᠠᠭ᠎ᠠ ᠬᠡᠷᠡᠭ᠎ᠤᠨ ᠪᠠᠢ᠌ᠳᠠᠯ᠎ᠤᠨ ᠮᠡᠳᠡᠭᠦᠯᠦᠯᠲᠡ ᠵᠢᠴᠢ ᠪᠤᠰᠤᠳ ᠬᠣᠯᠪᠣᠭᠳᠠᠯ ᠪᠦᠬᠦᠢ ᠮᠠᠲ᠋ᠧᠷᠢᠶᠠᠯ᠂ ᠬᠡᠷᠡᠭ᠎ᠤᠨ ᠪᠠᠢ᠌ᠳᠠᠯ᠎ᠤᠨ ᠮᠡᠳᠡᠭᠦᠯᠦᠯᠲᠡ ᠵᠢᠨ ᠭᠣᠤᠯ ᠠᠭᠤᠯᠭ᠎ᠠ᠎ᠳᠤ ᠬᠡᠷᠡᠭ᠎ᠤᠨ ᠢᠷᠡᠯᠲᠡ᠂ ᠶᠠᠯ᠎ᠠ ᠬᠢᠭᠰᠡᠨ ᠰᠡᠵᠢᠭᠯᠡᠯᠲᠡᠶ ᠬᠥᠮᠦᠨ᠎ᠤ ᠦᠨᠳᠦᠰᠦᠨ ᠪᠠᠢ᠌ᠳᠠᠯ᠂ ᠬᠢᠨᠠᠨ ᠪᠠᠶ᠋ᠢᠴᠠᠭ᠋ᠠᠵᠤ ᠮᠠᠭ᠋ᠠᠳᠯᠠᠨ ᠲᠣᠭᠲᠠᠭ᠋ᠠᠭᠰᠠᠨ ᠭᠣᠤᠯ ᠶᠠᠯ᠎ᠠ ᠵᠢᠨ ᠪᠣᠳᠠᠲᠤ ᠶᠠᠪᠤᠳᠠᠯ ᠵᠢᠴᠢ ᠭᠡᠷᠡᠴᠢ ᠪᠠᠷᠢᠮᠲᠠ᠂ ᠰᠢᠭᠤᠳ ᠬᠦᠯᠢᠶᠡᠨ ᠠᠪᠴᠤ ᠰᠢᠢ᠍ᠳᠪᠦᠷᠢᠯᠡᠬᠦ ᠵᠢ ᠵᠥᠪᠰᠢᠶᠡᠷᠡᠭᠦᠯᠬᠦ᠎ᠪᠠᠷ ᠳᠡᠪᠰᠢᠭᠦᠯᠬᠦ ᠤᠴᠢᠷ ᠰᠢᠯᠲᠠᠭ᠋ᠠᠨ ᠪᠠ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠵᠡᠷᠭᠡ ᠪᠠᠭᠲᠠᠨ᠎ᠠ᠃
      ᠭᠤᠷᠪᠠ᠂ ᠲᠤᠰ ᠪᠢᠴᠢᠭ ᠬᠠᠷ᠎ᠠ ᠵᠢ ᠬᠡᠷᠡᠭ ᠵᠶ᠋ᠠᠷ ᠨᠢᠭᠡᠴᠢ ᠪᠣᠯᠭ᠋ᠠᠨ ᠵᠣᠬᠢᠶᠠᠨ᠎ᠠ᠃
      ᠳᠦᠷᠪᠡ᠂ ᠲᠤᠰ ᠪᠢᠴᠢᠭ ᠬᠠᠷ᠎ᠠ ᠨᠡᠢ᠍ᠢ᠍ᠲᠡ ᠭᠤᠷᠪᠠᠨ ᠬᠣᠯᠪᠣᠭ᠋ᠠᠰᠤ ᠪᠠᠶ᠋ᠢᠵᠤ᠂ ᠨᠢᠭᠡᠳᠦᠭᠡᠷ ᠬᠣᠯᠪᠣᠭ᠋ᠠᠰᠤ ᠵᠢ ᠨᠢᠭᠡᠳᠦᠯᠲᠡᠶ ᠬᠠᠳᠠᠭ᠋ᠠᠯᠠᠵᠤ ᠪᠠᠶ᠋ᠢᠴᠠᠭ᠋ᠠᠬᠤ᠎ᠳᠤ ᠪᠡᠯᠡᠳᠬᠡᠵᠦ᠂ ᠬᠣᠶᠠᠳᠤᠭ᠋ᠠᠷ ᠬᠣᠯᠪᠣᠭ᠋ᠠᠰᠤ ᠵᠢ ᠡᠪᠬᠡᠮᠡᠯ᠎ᠳᠤ ᠳᠠᠭ᠋ᠠᠯᠳᠤᠭᠤᠯᠵᠤ᠂ ᠭᠤᠷᠪᠠᠳᠤᠭ᠋ᠠᠷ ᠬᠣᠯᠪᠣᠭ᠋ᠠᠰᠤ ᠵᠢ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠪᠠᠶ᠋ᠢᠴᠠᠭ᠋ᠠᠬᠤ ᠬᠣᠷᠢᠶ᠎ᠠ᠎ᠳᠤ ᠱᠠᠲᠤ ᠳᠠᠷᠠᠭ᠋ᠠᠯᠠᠨ ᠮᠡᠳᠡᠭᠦᠯᠦᠨ᠎ᠡ᠃

      ᠲ᠊ ᠊ᠤᠰ ᠪᠢᠴᠢᠭ ᠬᠠᠷ᠎ᠠ ᠵᠢ ᠲᠠᠷᠤᠮᠠᠯᠯᠠᠵᠤ ᠬᠡᠷᠡᠭᠯᠡᠬᠦ ᠭᠡᠪᠡᠯ᠂ ᠠᠷᠣ᠎ᠳᠠᠬᠢ ᠪᠠᠭᠣᠯᠭ᠋ᠠᠬᠣ ᠬᠡᠯᠬᠢᠶᠡᠰᠦ ᠵᠢ ᠳᠠᠷᠣᠭ᠋ᠠᠷᠠᠢ!

      ᠪᠠᠭᠣᠯᠭ᠋ᠠᠨ ᠳᠠᠷᠤᠮᠠᠯᠯᠠᠬᠤ ᠬᠡᠯᠬᠢᠶᠡᠰᠦ


ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ