ᠦᠢᠯᠡᠴᠢᠯᠡᠭᠡ   -   ᠳᠣᠲᠣᠭᠠᠳᠤ᠎ᠶᠢ ᠬᠠᠮᠠᠭᠠᠯᠠᠬᠤ ᠪᠢᠴᠢᠭ ᠬᠠᠷ᠎ᠠ᠎ᠶᠢᠨ ᠬᠡᠯᠪᠡᠷᠢ
ᠬᠡᠷᠡᠭ ᠪᠣᠯᠭ᠋ᠠᠨ ᠳᠠᠩᠰᠠᠯᠠᠬᠤ ᠲᠣᠭᠲᠠᠭ᠋ᠠᠯ᠎ᠤᠨ ᠪᠢᠴᠢᠭ᠎ᠤᠨ ᠬᠡᠯᠪᠡᠷᠢ
ᠨᠡᠶ᠋ᠢᠲᠡᠯᠡᠭᠰᠡᠨ ᠴᠠᠭ᠄ 2019-07-11

 
      ᠬᠡᠷᠡᠭ ᠪᠣᠯᠭ᠋ᠠᠨ ᠳᠠᠩᠰᠠᠯᠠᠬᠤ ᠲᠣᠭᠲᠠᠭ᠋ᠠᠯ᠎ᠤᠨ ᠪᠢᠴᠢᠭ   ᠪᠢᠴᠢᠬᠦ᠎ᠳᠤ ᠠᠩᠬᠠᠷᠬᠣ ᠵᠦᠢ᠍ᠯ᠎ᠤᠳ᠄

     《ᠬᠡᠷᠡᠭ ᠪᠣᠯᠭ᠋ᠠᠨ ᠳᠠᠩᠰᠠᠯᠠᠬᠤ ᠲᠣᠭᠲᠠᠭ᠋ᠠᠯ᠎ᠤᠨ ᠪᠢᠴᠢᠭ》 ᠪᠣᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠶᠠᠯ᠎ᠠ ᠬᠢᠭᠰᠡᠨ ᠪᠣᠳᠠᠲᠤ ᠶᠠᠪᠤᠳᠠᠯ ᠪᠤᠶᠤ ᠶᠠᠯ᠎ᠠ ᠬᠢᠭᠰᠡᠨ ᠰᠡᠵᠢᠭᠯᠡᠯᠲᠡᠶ ᠬᠥᠮᠦᠨ᠎ᠢ ᠣᠯᠵᠤ ᠮᠡᠳᠡᠭᠡᠳ᠂ ᠬᠡᠷᠡᠭ ᠪᠣᠯᠭ᠋ᠠᠨ ᠳᠠᠩᠰᠠᠯᠠᠵᠤ ᠲᠤᠷᠰᠢᠨ ᠪᠠᠶ᠋ᠢᠴᠠᠭ᠋ᠠᠬᠤ ᠦᠶ᠎ᠡ᠎ᠳᠤ ᠬᠡᠷᠡᠭᠯᠡᠬᠦ ᠲᠣᠭᠲᠠᠭ᠋ᠠᠯ᠎ᠤᠨ ᠲᠥᠷᠥᠯ᠎ᠤᠨ ᠬᠠᠤᠯᠢ ᠴᠠᠭ᠋ᠠᠵᠠ ᠵᠢᠨ ᠪᠢᠴᠢᠭ ᠬᠠᠷ᠎ᠠ ᠪᠣᠯᠤᠨ᠎ᠠ᠃ ᠲᠡᠭᠦᠨ᠎ᠤ ᠦᠢᠯᠡᠳᠦᠯ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠨᠢᠭᠡᠨᠲᠡ ᠬᠡᠷᠡᠭ ᠪᠣᠯᠭ᠋ᠠᠨ ᠳᠠᠩᠰᠠᠯᠠᠵᠤ᠂ ᠬᠡᠷᠡᠭ᠎ᠨᠢ ᠲᠤᠷᠰᠢᠨ ᠪᠠᠶ᠋ᠢᠴᠠᠭ᠋ᠠᠬᠤ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠶ᠋ᠢᠨ᠎ᠠ᠃
     《ᠬᠡᠷᠡᠭ ᠪᠣᠯᠭ᠋ᠠᠨ ᠳᠠᠩᠰᠠᠯᠠᠬᠤ ᠲᠣᠭᠲᠠᠭ᠋ᠠᠯ᠎ᠤᠨ ᠪᠢᠴᠢᠭ》 ᠪᠣᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠲᠤᠷᠰᠢᠨ ᠪᠠᠶ᠋ᠢᠴᠠᠭ᠋ᠠᠬᠤ ᠠᠵᠢᠯᠯᠠᠭ᠎ᠠ ᠥᠷᠨᠢᠭᠦᠯᠬᠦ ᠵᠢᠨ ᠦᠨᠳᠦᠰᠦ ᠪᠠᠷᠢᠮᠲᠠ ᠮᠥᠨ᠃ 《ᠬᠡᠷᠡᠭ ᠪᠣᠯᠭ᠋ᠠᠨ ᠳᠠᠩᠰᠠᠯᠠᠬᠤ ᠲᠣᠭᠲᠠᠭ᠋ᠠᠯ᠎ᠤᠨ ᠪᠢᠴᠢᠭ》᠎ᠢ ᠬᠡᠷᠡᠭᠯᠡᠬᠦ᠎ᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠶᠠᠮᠠᠷ ᠨᠢᠭᠡᠨ ᠶᠠᠯ᠎ᠠ ᠬᠢᠭᠰᠡᠨ ᠪᠣᠳᠠᠲᠤ ᠬᠡᠷᠡᠭ᠎ᠢ ᠨᠢᠭᠡᠨᠲᠡ ᠬᠡᠷᠡᠭ ᠪᠣᠯᠭ᠋ᠠᠨ ᠳᠠᠩᠰᠠᠯᠠᠭᠰᠠᠨ᠎ᠢ ᠬᠠᠷᠠᠭᠤᠯᠵᠤ ᠪᠣᠢ᠂ ᠳᠠᠷᠣᠢ ᠬᠣᠯᠪᠣᠭᠳᠠᠯ ᠪᠦᠬᠦᠢ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠪᠠ ᠲᠤᠷᠰᠢᠨ ᠪᠠᠶ᠋ᠢᠴᠠᠭ᠋ᠠᠬᠤ ᠠᠷᠭ᠎ᠠ ᠬᠡᠮᠵᠢᠶ᠎ᠡ ᠠᠪᠴᠤ ᠪᠣᠯᠤᠨ᠎ᠠ᠃


      ᠲᠣᠰ ᠪᠢᠴᠢᠭ ᠬᠠᠷ᠎ᠠ ᠵᠢ ᠲᠠᠷᠤᠮᠠᠯᠯᠠᠵᠤ ᠬᠡᠷᠡᠭᠯᠡᠬᠦ ᠭᠡᠪᠡᠯ᠂ ᠠᠷᠣ᠎ᠳᠠᠬᠢ ᠪᠠᠭᠣᠯᠭ᠋ᠠᠬᠣ ᠬᠡᠯᠬᠢᠶᠡᠰᠦ ᠵᠢ ᠳᠠᠷᠣᠭ᠋ᠠᠷᠠᠢ!

      ᠪᠠᠭᠣᠯᠭ᠋ᠠᠨ ᠲᠠᠷᠤᠮᠠᠯᠯᠠᠬᠤ ᠬᠡᠯᠬᠢᠶᠡᠰᠦ


ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ