ᠦᠢᠯᠡᠴᠢᠯᠡᠭᠡ   -   ᠳᠣᠲᠣᠭᠠᠳᠤ᠎ᠶᠢ ᠬᠠᠮᠠᠭᠠᠯᠠᠬᠤ ᠪᠢᠴᠢᠭ ᠬᠠᠷ᠎ᠠ᠎ᠶᠢᠨ ᠬᠡᠯᠪᠡᠷᠢ
ᠳᠠᠷᠣᠵᠣ ᠠᠪᠣᠭᠰᠠᠨ ᠳᠠᠩᠰᠠᠯᠠᠯ᠎ᠤᠨ ᠬᠡᠯᠪᠡᠷᠢ
ᠨᠡᠶ᠋ᠢᠲᠡᠯᠡᠭᠰᠡᠨ ᠴᠠᠭ᠄ 2019-08-06

      ᠳᠠᠷᠣᠵᠣ ᠠᠪᠣᠭᠰᠠᠨ ᠳᠠᠩᠰᠠᠯᠠᠯ᠎ᠢ ᠪᠢᠴᠢᠬᠦ᠎ᠳᠤ ᠠᠩᠬᠠᠷᠬᠣ ᠵᠦᠢ᠍ᠯ᠎ᠤᠳ᠄


      ᠬᠠᠤᠯᠢ ᠴᠠᠭ᠋ᠠᠵᠠ ᠵᠢᠨ ᠪᠠᠶ᠋ᠢᠭᠤᠯᠭ᠎ᠠ ᠬᠠᠤᠯᠢ ᠶᠣᠰᠣᠭ᠋ᠠᠷ ᠰᠢᠯᠭ᠋ᠠᠨ ᠪᠠᠢ᠌ᠴᠠᠭ᠋ᠠᠬᠣ᠂ ᠨᠡᠩᠵᠢᠨ ᠪᠠᠶ᠋ᠢᠴᠠᠭ᠋ᠠᠬᠤ ᠳᠤᠮᠳᠠ ᠵᠠᠭ᠋ᠠᠯᠳᠤᠭᠳᠠᠭᠴᠢ ᠵᠢᠨ ᠶᠠᠯ᠎ᠠ᠎ᠲᠠᠢ ᠪᠤᠶᠤ ᠶᠠᠯ᠎ᠠ ᠦᠭᠡᠢ ᠭᠡᠳᠡᠭ᠎ᠢ ᠭᠡᠷᠡᠴᠢᠯᠡᠵᠦ ᠪᠣᠯᠬᠤ ᠡᠯ᠎ᠡ ᠵᠦᠢᠯ᠎ᠤᠨ ᠡᠳ᠋ ᠪᠣᠳᠠᠰ ᠪᠠ ᠪᠢᠴᠢᠭ ᠮᠠᠲ᠋ᠧᠷᠢᠶᠠᠯ᠎ᠤᠳ᠎ᠢ ᠦᠯᠡᠳᠡᠭᠡᠵᠦ ᠠᠪᠬᠤ᠎ᠳᠤ ᠬᠡᠷᠡᠭᠯᠡᠬᠦ ᠳᠠᠩᠰᠠᠯᠠᠯ᠎ᠢ ᠵᠢᠭ᠋ᠠᠵᠤ ᠪᠠᠶ᠋ᠢᠨ᠎ᠠ᠃ ᠭᠣᠣᠯᠳᠠᠭᠣ ᠳᠣᠣᠷᠠᠬᠢ ᠮᠡᠲᠦ ᠭᠤᠷᠪᠠᠨ ᠬᠡᠰᠡᠭ ᠵᠶ᠋ᠠᠷ ᠪᠦᠷᠢᠯᠳᠦᠨ᠎ᠡ᠄

      ᠨᠢᠭᠡᠳᠦᠭᠡᠷ ᠬᠡᠰᠡᠭ᠂ ᠭᠠᠷᠴᠠᠭ ᠪᠠ ᠨᠢᠭᠤᠷ᠎ᠤᠨ ᠳᠠᠷᠠᠭ᠋ᠠᠯᠠᠯ᠎ᠢ ᠲᠣᠳᠣᠷᠬᠠᠶ ᠪᠢᠴᠢᠨ᠎ᠡ;

      ᠬᠣᠶᠠᠳᠣᠭ᠋ᠠᠷ ᠬᠡᠰᠡᠭ᠂ ᠡᠳ᠋ ᠪᠣᠳᠠᠰ᠎ᠢ ᠦᠯᠡᠳᠡᠭᠡᠨ ᠠᠪᠤᠭᠰᠠᠨ ᠪᠠᠢ᠌ᠳᠠᠯ᠎ᠢ ᠲᠣᠳᠣᠷᠬᠠᠢ᠌ᠯᠠᠨ᠎ᠠ᠃ ᠲᠣᠰ ᠬᠡᠰᠡᠭ ᠪᠣᠯ ᠭᠣᠣᠯ ᠬᠡᠰᠡᠭ ᠮᠥᠨ᠂ ᠨᠣᠮᠧᠷ᠂ ᠪᠣᠳᠠᠰ᠎ᠤᠨ ᠨᠡᠷᠡᠶ᠋ᠢᠳᠦᠯ᠂ ᠲᠣᠭ᠎ᠠ ᠬᠡᠮᠵᠢᠶ᠎ᠡ᠂ ᠨᠢᠭᠡᠴᠢ᠂ ᠣᠨᠴᠠᠯᠢᠭ ᠰᠢᠨᠵᠢ᠂ ᠲᠠᠶ᠋ᠢᠯᠪᠤᠷᠢ ᠵᠢ ᠲᠣᠳᠣᠷᠬᠠᠶ ᠲᠠᠭᠯᠠᠨ᠎ᠠ;

      ᠭᠣᠷᠪᠠᠳᠣᠭ᠋ᠠᠷ ᠬᠡᠰᠡᠭ᠂ ᠨᠡᠩᠵᠢᠭᠴᠢ᠂ ᠭᠡᠷᠡᠴᠢᠯᠡᠭᠴᠢ᠂ ᠨᠡᠩᠵᠢᠭᠳᠡᠭᠴᠢ ᠲᠣᠰᠪᠣᠷᠢ ᠭᠠᠷ᠎ᠤᠨ ᠦᠰᠦᠭ ᠵᠶ᠋ᠡᠨ ᠵᠢᠷᠤᠵᠤ᠂ ᠶᠡᠷᠦᠩᠬᠡᠶ ᠨᠢᠭᠤᠷ᠎ᠤᠨ ᠲᠣᠭ᠎ᠠ ᠪᠠ ᠣᠨ ᠰᠠᠷ᠎ᠠ ᠡᠳᠦᠷ᠎ᠢ ᠲᠣᠳᠣᠷᠬᠠᠶ᠋ᠢᠯᠠᠵᠤ᠂ ᠠᠯᠪᠠᠨ ᠲᠠᠮᠠᠭ᠎ᠠ ᠳᠠᠷᠤᠨ᠎ᠠ᠃

      ᠦᠯᠡᠳᠡᠭᠡᠵᠦ ᠠᠪᠤᠭᠰᠠᠨ ᠡᠳ᠋ ᠪᠣᠳᠠᠰ᠂ ᠪᠢᠴᠢᠭ ᠮᠠᠲ᠋ᠧᠷᠢᠶᠠᠯ ᠵᠡᠷᠭᠡ ᠵᠢ ᠰᠠᠶ᠋ᠢᠲᠤᠷ ᠬᠠᠳᠠᠭ᠋ᠠᠯᠠᠨ ᠬᠠᠮᠢᠶᠠᠷᠴᠣ᠂ ᠡᠪᠳᠡᠯᠡᠨ ᠰᠦᠢ᠍ᠳᠬᠡᠬᠦ᠂ ᠰᠣᠯᠢᠬᠣ ᠪᠣᠶᠣ ᠬᠡᠷᠡᠭᠯᠡᠵᠦ ᠪᠣᠯᠬᠤ ᠦᠭᠡᠢ; ᠬᠡᠷᠪᠡ ᠪᠠᠶ᠋ᠢᠴᠠᠭ᠋ᠠᠨ ᠲᠣᠳᠣᠯᠠᠭᠰᠠᠨ᠎ᠤ ᠳᠠᠷᠠᠭ᠎ᠠ᠂ ᠬᠡᠷᠡᠭ᠎ᠯᠦᠭᠡ ᠬᠣᠯᠪᠣᠭᠳᠠᠯ ᠦᠭᠡᠢ ᠪᠠᠢ᠌ᠪᠠᠯ᠂ ᠳᠠᠷᠤᠶ ᠲᠦᠷᠭᠡᠨ ᠪᠤᠴᠠᠭ᠋ᠠᠬᠤ ᠬᠡᠷᠡᠭᠲᠡᠶ᠃


      ᠲᠣᠰ ᠪᠢᠴᠢᠭ ᠬᠠᠷ᠎ᠠ ᠵᠢ ᠲᠠᠷᠤᠮᠠᠯᠯᠠᠵᠤ ᠬᠡᠷᠡᠭᠯᠡᠬᠦ ᠭᠡᠪᠡᠯ᠂ ᠠᠷᠣ᠎ᠳᠠᠬᠢ ᠪᠠᠭᠣᠯᠭ᠋ᠠᠬᠣ ᠬᠡᠯᠬᠢᠶᠡᠰᠦ ᠵᠢ ᠳᠠᠷᠣᠭ᠋ᠠᠷᠠᠢ!


      ᠪᠠᠭᠣᠯᠭ᠋ᠠᠨ ᠲᠠᠷᠤᠮᠠᠯᠯᠠᠬᠤ ᠬᠡᠯᠬᠢᠶᠡᠰᠦ


ᠢᠷᠡᠯᠲᠡ᠄ ᠦᠪᠣᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠲᠣᠳᠣᠭ᠋ᠠᠳᠣ ᠵᠢ ᠬᠠᠮᠠᠭ᠋ᠠᠯᠠᠬᠣ ᠲᠢᠩᠬᠢᠮ