ᠣᠶ᠋ᠢᠷ᠎ᠠ᠎ᠳᠤ᠂ ᠴᠠᠭᠳᠠᠭ᠎ᠠ ᠠᠷᠠᠳ ᠬᠠᠮᠳᠤᠷᠠᠨ ᠤᠯᠤᠰ᠎ᠤᠨ ᠨᠢᠭᠡᠳᠦᠭᠡᠷ ᠳᠡᠰ᠎ᠤᠨ ᠭᠤᠣᠯᠳᠠᠯᠭ᠎ᠠ᠎ᠲᠠᠢ ᠬᠠᠮᠠᠭ᠋ᠠᠯᠠᠯᠲᠠ ᠵᠢᠨ ᠠᠮᠢᠲᠠᠨ᠎ᠢ ᠠᠮᠵᠢᠯᠲᠠ᠎ᠲᠠᠢ᠎ᠪᠠᠷ ᠠᠪᠤᠷᠠᠨ ᠲᠤᠰᠠᠯᠠᠪᠠ᠃
11 ᠳ᠋ᠦ᠍ᠭᠡᠷ ᠰᠠᠷ᠎ᠠ ᠵᠢᠨ 16᠎ᠤ ᠡᠳᠦᠷ᠎ᠤᠨ 9 ᠴᠠᠭ 30 ᠮᠢᠨᠦ᠋ᠲ᠎ᠤᠨ ᠦᠶ᠎ᠡ᠎ᠪᠠᠷ᠂ ᠲᠥᠩᠯᠢᠶᠣᠤ ᠬᠤᠲᠠ ᠵᠢᠨ ᠬᠣᠷᠴᠢᠨ ᠵᠡᠭᠦᠨ ᠭᠠᠷᠤᠨ ᠬᠣᠢ᠌ᠲᠤ ᠬᠤᠰᠢᠭᠤᠨ᠎ᠤ ᠮᠤᠳᠤᠳᠤ ᠲᠣᠮᠢᠯᠠᠭᠰᠠᠨ ᠰᠠᠯᠪᠤᠷᠢ᠎ᠳᠤ᠂ ᠬᠠᠷᠢᠶᠠᠳᠤ ᠣᠷᠤᠨ᠎ᠤ ᠠᠷᠠᠳ᠎ᠠᠴᠠ ᠥᠪᠡᠷ᠎ᠤᠨ ᠲᠠᠷᠢᠮᠠᠯ᠎ᠤᠨ ᠭᠠᠵᠠᠷ᠎ᠲᠤ ᠲᠣᠭᠤᠷᠤᠤ ᠰᠢᠭ᠋ ᠨᠢᠭᠡᠨ ᠬᠡᠭᠡᠷ᠎ᠡ ᠵᠢᠨ ᠠᠮᠢᠲᠠᠨ ᠬᠦᠳᠡᠯᠵᠦ ᠴᠢᠳᠠᠬᠤ ᠦᠭᠡᠢ ᠪᠠᠢ᠌ᠬᠤ ᠵᠢ ᠣᠯᠵᠤ ᠬᠠᠷᠠᠭ᠋ᠠᠳ᠂ ᠬᠠᠪᠰᠤᠷᠤᠭᠤᠯᠬᠤ᠎ᠪᠠᠷ ᠭᠤᠶᠤᠴᠢᠯᠠᠭᠰᠠᠨ ᠤᠳᠠᠰᠤ ᠢᠷᠡᠭᠦᠯᠪᠡ᠃ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠲᠡᠷᠡ ᠳᠠᠷᠤᠶᠳᠤᠨᠢ ᠲᠤᠬᠠᠶ ᠵᠢᠨ ᠲᠠᠯᠠᠪᠤᠷ᠎ᠲᠤ ᠬᠦᠷᠦᠭᠰᠡᠨ᠎ᠤ ᠳᠠᠷᠠᠭ᠎ᠠ ᠨᠠᠷᠢᠨ ᠨᠢᠮᠪᠠᠶ ᠪᠠᠶ᠋ᠢᠴᠠᠭ᠋ᠠᠵᠤ᠂ ᠡᠨᠡ ᠬᠦ᠌
《ᠲᠣᠭᠣᠷᠤᠤ》 ᠰᠢᠭ᠋ ᠬᠡᠭᠡᠷ᠎ᠡ ᠵᠢᠨ ᠠᠮᠢᠲᠠᠨ᠎ᠨᠢ ᠬᠡᠳᠦ᠋ᠢ᠍ᠪᠡᠷ ᠭᠠᠳᠠᠷ ᠰᠢᠷᠬ᠎ᠠ ᠥᠬᠡᠶ ᠪᠣᠯᠪᠠᠴᠤ ᠮᠠᠭᠤᠵᠢᠷᠠᠵᠤ ᠥᠴᠦᠬᠡᠨ ᠰᠦᠷ ᠰᠦᠯᠳᠡ ᠥᠬᠡᠶ ᠲᠤᠯᠠ᠂ ᠲᠡᠷᠡ ᠳᠠᠷᠤᠶ ᠠᠭᠤᠯᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠥᠷᠲᠡᠭᠡ᠎ᠲᠠᠢ ᠬᠠᠷᠢᠯᠴᠠᠪᠠ᠃
ᠲᠤᠰᠬᠠᠢ ᠮᠡᠷᠭᠡᠵᠢᠯᠲᠡᠨ᠎ᠤ ᠦᠵᠡᠬᠦ᠎ᠪᠠᠷ᠂ ᠡᠨᠡ ᠬᠦ᠌ 《ᠲᠤᠭᠤᠷᠤᠤ》 ᠰᠢᠭ᠋ ᠵᠡᠷᠯᠢᠭ ᠠᠮᠢᠲᠠᠨ᠎ᠨᠢ ᠮᠠᠨ᠎ᠤ ᠤᠯᠤᠰ᠎ᠤᠨ ᠤᠯᠤᠰ᠎ᠤᠨ ᠨᠢᠭᠡᠳᠦᠭᠡᠷ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ ᠵᠢᠨ ᠠᠮᠢᠲᠠᠨ — ᠳᠣᠷᠣᠨᠠᠳᠠᠬᠢᠨ᠎ᠤ ᠴᠠᠭ᠋ᠠᠨ ᠥᠷᠪᠢ ᠪᠣᠯᠤᠨ᠎ᠠ᠃ ᠭᠣᠣᠯᠳᠠᠭᠤ ᠮᠠᠨ᠎ᠤ ᠤᠯᠤᠰ᠎ᠤᠨ ᠵᠡᠭᠦᠨ ᠬᠣᠢ᠍ᠲᠤ ᠣᠷᠣᠨ᠎ᠳᠤ ᠦᠷᠡᠵᠢᠵᠦ᠂ ᠣᠳᠣᠬᠠᠨ᠎ᠳᠤ ᠪᠦᠬᠦ ᠪᠥᠮᠪᠥᠷᠴᠡᠭ᠎ᠤᠨ ᠵᠡᠷᠯᠢᠭ ᠳᠣᠷᠣᠨᠠᠳᠠᠬᠢᠨ᠎ᠤ ᠴᠠᠭ᠋ᠠᠨ ᠥᠷᠪᠢ 7000 — 9000 ᠪᠠᠢ᠌ᠵᠤ᠂ 《ᠰᠢᠪᠠᠭᠤᠨ᠎ᠤ ᠲᠣᠳᠤᠷᠠᠬᠢ ᠤᠯᠤᠰ᠎ᠤᠨ ᠡᠷᠳᠡᠨᠢ》 ᠭᠡᠵᠦ ᠨᠡᠷᠡᠯᠡᠭᠳᠡᠪᠡ᠃ ᠣᠳᠣᠬᠠᠨ᠎ᠳᠤ᠂ ᠲᠤᠰ ᠴᠠᠭ᠋ᠠᠨ ᠦᠷᠪᠢ ᠵᠢ ᠨᠢᠭᠡᠨᠲᠡ ᠠᠭᠤᠯᠠ ᠪᠠᠯᠭ᠋ᠠᠰᠤᠨ᠎ᠤ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠥᠷᠲᠡᠭᠡ᠎ᠳᠤ ᠲᠤᠰᠢᠶᠠᠨ ᠥᠭᠴᠦ᠂ ᠡᠳᠡᠭᠡᠷᠡᠭᠰᠡᠨᠤ ᠳᠠᠷᠠᠭ᠎ᠠ ᠡᠬᠡ ᠪᠠᠶ᠋ᠢᠭ᠋ᠠᠯᠢ᠎ᠳᠤ ᠲᠠᠯᠪᠢᠬᠤ᠎ᠪᠠᠷ ᠪᠣᠯᠪᠠ᠃