ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠰᠦᠯᠵᠢᠶᠡᠨ ᠳᠡᠭᠡᠷ᠎ᠡ ᠪᠠᠷᠢᠪᠴᠢᠯᠠᠬᠤ᠎ᠪᠠᠷ ᠵᠠᠷᠯᠠᠭᠰᠠᠨ ᠣᠷᠭᠤᠳᠠᠭᠤᠯ ᠬᠡᠷᠡᠭᠲᠡᠨ᠎ᠢ ᠨᠡᠬᠡᠮᠵᠢᠯᠡᠨ ᠪᠠᠷᠢᠪᠴᠢᠯᠠᠪᠠ
ᠨᠡᠶ᠋ᠢᠲᠡᠯᠡᠭᠰᠡᠨ ᠴᠠᠭ᠄ 2023-12-11

      《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠭᠣᠤᠯᠳᠠᠯᠭ᠎ᠠ᠎ᠲᠠᠢ ᠡᠭᠦᠷᠭᠡ ᠵᠢ ᠴᠢᠩᠭ᠎ᠠ ᠠᠳᠬᠤᠵᠤ᠂ ᠰᠠᠨᠠᠭ᠋ᠠᠴᠢᠯᠠᠭ᠎ᠠ᠎ᠲᠠᠢ᠎ᠪᠠᠷ ᠳᠠᠭ᠋ᠠᠷᠢᠯᠲᠠ ᠬᠢᠵᠦ᠂ ᠰᠦᠪᠡᠭᠴᠢ ᠵᠢᠨ ᠢᠷᠡᠯᠲᠡ ᠵᠢ ᠥᠷᠭᠡᠨ ᠵᠶ᠋ᠠᠷ ᠨᠡᠭᠡᠭᠡᠨ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ ᠪᠠ ᠰᠦᠯᠵᠢᠶᠡᠨ ᠳᠡᠭᠡᠷ᠎ᠡ ᠪᠠᠷᠢᠪᠴᠢᠯᠠᠬᠤ᠎ᠪᠠᠷ ᠵᠠᠷᠯᠠᠭᠰᠠᠨ ᠣᠷᠭᠤᠳᠠᠭᠤᠯ ᠬᠡᠷᠡᠭᠲᠡᠨ᠎ᠢ ᠨᠡᠬᠡᠮᠵᠢᠯᠡᠬᠦ ᠠᠵᠢᠯ᠎ᠤᠨ ᠡᠷᠴᠢᠮ ᠵᠶ᠋ᠠᠨ ᠲᠠᠰᠤᠷᠠᠯᠲᠠ ᠥᠬᠡᠶ ᠴᠢᠩᠭ᠋ᠠᠷᠠᠭᠤᠯᠪᠠ᠃

图片2.png


      ᠣᠶ᠋ᠢᠷ᠎ᠠ᠎ᠳᠤ᠂ ᠪᠠᠭ᠋ᠠᠷᠢᠨ ᠵᠡᠭᠦᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠴᠢᠮᠡᠭᠡ ᠮᠡᠳᠡᠭᠡ ᠵᠢᠯᠣᠭᠣᠳᠬᠤ ᠲᠥᠪ᠎ᠠᠴᠠ ᠤᠷᠭᠤᠨ ᠳᠤᠲᠠᠭ᠋ᠠᠭᠰᠠᠳ᠎ᠤᠨ ᠮᠡᠳᠡᠭᠡ ᠵᠠᠩᠭᠢ ᠵᠢ ᠰᠤᠳᠤᠯᠤᠨ ᠮᠠᠭ᠋ᠠᠳᠯᠠᠬᠤ ᠦᠶ᠎ᠡ᠎ᠳᠤ᠂ ᠠᠶᠤᠯ᠎ᠲᠠᠢ᠎ᠪᠠᠷ ᠲᠡᠷᠭᠡ ᠵᠢᠯᠣᠭᠣᠳᠤᠭᠰᠠᠨ ᠶᠠᠯ᠎ᠠ ᠬᠢᠭᠰᠡᠨ ᠵᠶ᠋ᠠᠷ ᠰᠡᠵᠢᠭᠯᠡᠭᠳᠡᠵᠦ ᠰᠦᠯᠵᠢᠶᠡᠨ ᠳᠡᠭᠡᠷ᠎ᠡ ᠪᠠᠷᠢᠪᠴᠢᠯᠠᠬᠤ᠎ᠪᠠᠷ ᠵᠠᠷᠯᠠᠭᠰᠠᠨ ᠣᠷᠭᠤᠳᠠᠭᠤᠯ ᠬᠡᠷᠡᠭᠲᠡᠨ ᠵᠶ᠋ᠡᠷ ᠨᠡᠬᠡᠮᠵᠢᠯᠡᠭᠳᠡᠭᠰᠡᠨ ᠸᠠᠩ ᠣᠪᠣᠭᠲᠤ ᠪᠠᠭ᠋ᠠᠷᠢᠨ ᠵᠡᠭᠦᠨ ᠬᠣᠰᠢᠭᠤᠨ᠎ᠤ ᠨᠢᠭᠡᠨ ᠰᠠᠭᠤᠭ᠋ᠠᠯᠢ ᠲᠣᠭᠣᠷᠢᠭ᠎ᠤᠨ ᠡᠷᠬᠢᠨ ᠲᠣᠭᠣᠷᠢᠨ᠎ᠳᠤ ᠠᠵᠢᠯᠯᠠᠭ᠎ᠠ ᠵᠢᠨ ᠵᠠᠮ ᠮᠥᠷ᠎ᠲᠠᠢ ᠪᠠᠶ᠋ᠢᠬᠤ ᠵᠢ ᠣᠯᠵᠤ ᠮᠡᠳᠡᠭᠡᠳ᠂ ᠲᠡᠷᠡ ᠳᠠᠷᠤᠶ᠎ᠳᠤ᠎ᠨᠢ ᠨᠠᠷᠢᠯᠢᠭ ᠣᠨᠣᠴᠠᠲᠠᠶ᠎ᠪᠠᠷ ᠡᠵᠡᠮᠳᠡᠨ᠂ ᠲᠦᠷᠭᠡᠨ ᠵᠶ᠋ᠠᠷ ᠳᠠᠭ᠋ᠠᠷᠢᠵᠤ᠂ ᠠᠮᠵᠢᠯᠲᠠ᠎ᠲᠠᠢ᠎ᠪᠠᠷ ᠪᠠᠷᠢᠪᠴᠢᠯᠠᠪᠠ᠃ ᠰᠢᠭᠦᠬᠦ᠎ᠪᠠᠷ ᠳᠠᠮᠵᠢᠭ᠋ᠠᠳ ᠸᠠᠩ ᠣᠪᠣᠭᠲᠤ ᠥᠪᠡᠷ᠎ᠤᠨ ᠶᠠᠯᠠᠲᠤ ᠠᠵᠢᠯᠯᠠᠭ᠎ᠠ᠎ᠪᠠᠨ ᠥᠴᠢᠭᠯᠡᠨ ᠮᠡᠳᠡᠷᠡᠭᠰᠡᠨ ᠪᠠᠶ᠋ᠢᠨ᠎ᠠ᠃
      ᠣᠳᠣᠬᠠᠨ᠎ᠳᠤ ᠬᠡᠷᠡᠭ᠎ᠢ ᠤᠯᠠᠮ ᠨᠢᠭᠡ ᠠᠯᠬᠤᠮ ᠰᠢᠢ᠍ᠳᠪᠦᠷᠢᠯᠡᠵᠦ ᠪᠠᠶ᠋ᠢᠨ᠎ᠠ᠃ 
      

 

ᠢᠷᠡᠯᠲᠡ᠄ ᠤᠯᠠᠭ᠋ᠠᠨᠬᠠᠳᠠ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ