《ᠵᠠᠭᠤᠨ ᠡᠳᠦᠷ᠎ᠤᠨ ᠪᠣᠭᠤᠮᠲᠠ ᠰᠢᠪᠲᠤᠯᠬᠤ》 ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠰᠢᠯᠢ ᠵᠢᠨ ᠭᠣᠤᠯ ᠠᠢ᠌ᠮᠠᠭ᠎ᠤᠨ ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ 《ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ》 ᠵᠣᠷᠢᠯᠲᠠ ᠵᠢ ᠢᠮᠠᠭᠲᠠ ᠪᠠᠷᠢᠮᠲᠠᠯᠠᠵᠤ᠂ ᠤᠯᠠᠨ ᠲᠦᠮᠡᠨ᠎ᠲᠠᠢ ᠰᠡᠳᠬᠢᠯ ᠵᠢᠷᠦᠬᠡ᠎ᠪᠠᠨ ᠬᠤᠯᠪᠣᠵᠤ᠂ ᠬᠠᠯᠠᠭᠤᠮᠰᠤᠭ ᠵᠶ᠋ᠠᠷ ᠦᠢ᠍ᠯᠡᠴᠢᠯᠡᠵᠦ᠂ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠠᠮᠤᠭ᠎ᠤᠨ ᠥᠨᠳᠥᠷ ᠪᠠᠷᠢᠮᠵᠢᠶ᠎ᠠ ᠪᠣᠯᠭ᠋ᠠᠭᠰᠠᠭ᠋ᠠᠷ ᠢᠷᠡᠵᠠᠢ᠃ 2023 ᠣᠨ᠎ᠤ 11 ᠰᠠᠷ᠎ᠠ ᠵᠢᠨ 30᠎ᠤ ᠡᠳᠦᠷ᠂ ᠼᠠᠢ ᠮᠥ᠍ ᠱᠠᠨ ᠰᠢᠶᠠᠩ᠎ᠤᠨ ᠪᠠᠶᠠᠨᠪᠤᠯᠠᠭ ᠲᠣᠰᠬᠤᠨ᠎ᠤ ᠠᠷᠠᠳ ᠯᠢ ᠠᠪᠠᠭ᠍ᠠᠶ 《ᠬᠠᠤᠯᠢ ᠵᠢ ᠭᠤᠤᠯᠴᠢ᠎ᠪᠠᠷ ᠬᠡᠷᠡᠭᠵᠢᠭᠦᠯᠵᠦ᠂ ᠲᠦᠮᠡᠨ᠎ᠤ ᠲᠥᠯᠥᠭᠡ ᠲᠥᠷᠥ ᠪᠠᠷᠢᠬᠤ》 ᠭᠡᠰᠡᠨ ᠥᠰᠥᠭ᠎ᠲᠠᠢ ᠬᠡᠮᠡᠷᠯᠢᠭ ᠲᠤᠭ᠎ᠢ ᠲᠤᠯᠤᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠬᠦᠷᠭᠡᠵᠦ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠬᠠᠯᠠᠭᠤᠨ ᠰᠡᠳᠬᠢᠯ ᠵᠶ᠋ᠠᠷ ᠣᠯᠠᠨ ᠲᠦᠮᠡᠨ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠭᠦᠭᠰᠡᠨ᠎ᠳᠤ ᠲᠠᠯᠠᠷᠬᠠᠪᠠ᠃
11 ᠳ᠋ᠦ᠍ᠭᠡᠷ ᠰᠠᠷ᠎ᠠ ᠵᠢᠨ 18᠎ᠤ ᠡᠳᠦᠷ᠂ ᠪᠠᠶᠠᠨᠪᠤᠯᠠᠭ ᠲᠣᠰᠬᠤᠨ᠎ᠤ ᠠᠷᠠᠳ ᠲᠥᠭᠰᠢᠭᠦᠷᠢ ᠮᠡᠳᠡᠭᠦᠯᠬᠦ᠎ᠳᠤ᠎ᠪᠠᠨ᠄ ᠵᠠᠷᠢᠮ ᠬᠥᠮᠦᠨ ᠬᠡᠷᠡᠯᠳᠦᠵᠦ ᠵᠣᠳᠣᠯᠳᠤᠵᠤ ᠪᠠᠶ᠋ᠢᠨ᠎ᠠ ᠭᠡᠪᠡ᠃ ᠲᠡᠷᠡ ᠳᠠᠷᠤᠢ ᠠᠷᠠᠳ᠎ᠤᠨ ᠴᠠᠭᠳᠠᠭ᠎ᠠ ᠲᠤᠬᠠᠶ ᠵᠢᠨ ᠲᠠᠯᠠᠪᠠᠶ᠎ᠳᠤ ᠬᠦᠷᠴᠦ ᠣᠶ᠋ᠢᠯᠠᠭ᠋ᠠᠭᠰᠠᠨ ᠵᠶ᠋ᠠᠷ᠂ ᠭᠠᠴᠠᠭ᠋ᠠᠨ᠎ᠤ ᠠᠷᠠᠳ ᠭᠤᠣ ᠣᠪᠣᠭᠲᠤ ᠪᠣᠯᠤᠨ ᠯᠢ ᠣᠪᠣᠭᠲᠤ ᠢᠬᠢᠷ ᠰᠢᠬᠢᠷ ᠤᠴᠢᠷ᠎ᠠᠴᠠ ᠪᠣᠯᠵᠤ ᠬᠡᠯᠡ ᠠᠮᠠ ᠪᠣᠯᠵᠤ᠂ ᠭᠤᠣ ᠣᠪᠣᠭᠲᠤ ᠵᠢᠨ ᠰᠡᠳᠬᠢᠯ ᠳᠣᠭᠳᠣᠯᠤᠨ ᠯᠢ ᠣᠪᠣᠭᠲᠤ ᠵᠢ ᠴᠣᠬᠢᠵᠤ ᠤᠨᠠᠭ᠋ᠠᠭ᠋ᠠᠳ ᠰᠢᠷᠬᠠᠳᠤᠭᠤᠯᠪᠠ᠃
ᠪᠠᠶ᠋ᠢᠴᠠᠭ᠋ᠠᠭᠰᠠᠨ ᠵᠶ᠋ᠠᠷ᠂ ᠭᠤᠣ ᠣᠪᠣᠭᠲᠤ ᠵᠢᠨ ᠠᠵᠢᠯᠯᠠᠭ᠎ᠠ᠎ᠨᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》 ᠵᠢ ᠵᠥᠷᠢᠴᠡᠵᠦ᠂ ᠳᠣᠯᠣᠨ ᠨᠠᠭᠤᠷ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠭᠤᠣ ᠣᠪᠣᠭᠲᠤ᠎ᠳᠤ 10 ᠡᠳᠦᠷ ᠵᠠᠰᠠᠭ ᠵᠠᠬᠢᠷᠭ᠋ᠠᠨ ᠵᠶ᠋ᠠᠷ ᠲᠦᠷ ᠬᠤᠷᠢᠬᠤ᠂ 500 ᠲᠥᠭᠦᠷᠢᠭ ᠵᠶ᠋ᠠᠷ ᠲᠣᠷᠭ᠋ᠠᠬᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠪᠡ᠃