ᠲᠠᠯ᠎ᠠ ᠨᠤᠲᠤᠭ᠎ᠤᠨ ᠳᠤᠳᠤᠭᠠᠳᠤ᠎ᠶᠢ ᠬᠠᠮᠠᠭᠠᠯᠠᠬᠤ   -   ᠪᠣᠳᠡᠳᠤ ᠬᠡᠷᠡᠭ᠎ᠤᠨ ᠲᠡᠮᠳᠡᠭᠯᠡᠯ
ᠬᠠᠩᠭᠢᠨ ᠬᠤᠢ᠌ᠳᠤ ᠬᠤᠰᠢᠭᠤᠨ᠎ᠤ ᠴᠠᠭᠳᠠᠭ᠎ᠠ ᠠᠷᠠᠳ ᠬᠠᠮᠵᠢᠯᠴᠠᠨ ᠬᠦᠨᠳᠦ ᠰᠢᠷᠬᠠᠳᠤᠭᠰᠠᠨ ᠵᠤᠯᠵᠠᠭ᠎ᠠ ᠬᠤᠨ ᠭᠠᠯᠠᠭᠤ ᠵᠢ ᠠᠪᠤᠷᠠᠪᠠ
ᠨᠡᠶ᠋ᠢᠲᠡᠯᠡᠭᠰᠡᠨ ᠴᠠᠭ᠄ 2023-12-18

   11 ᠳ᠋ᠦ᠍ᠭᠡᠷ ᠰᠠᠷ᠎ᠠ ᠵᠢᠨ 30᠎ᠤ ᠡᠳᠦᠷ᠂ ᠪᠠᠶᠠᠨᠨᠠᠭᠤᠷ ᠬᠣᠲᠠ ᠵᠢᠨ ᠬᠠᠩᠭᠢᠨ ᠬᠤᠢ᠌ᠳᠤ ᠬᠤᠰᠢᠭᠤᠨ᠎ᠤ ᠲᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠲᠸᠦ ᠳ᠋ᠣᠤ ᠴᠢᠶᠣᠤ᠎ᠳᠠᠬᠢ ᠲᠤᠮᠢᠯᠠᠭᠰᠠᠨ ᠰᠠᠯᠪᠤᠷᠢ ᠵᠢᠨ᠎ᠬᠢᠨ ᠣᠯᠠᠨ ᠲᠦᠮᠡᠨ᠎ᠤ ᠲᠤᠰᠠᠯᠠᠮᠵᠢ ᠭᠤᠶᠤᠯᠳᠠ ᠵᠢ ᠲᠤᠰᠴᠤ᠂ ᠦᠪᠡᠷ᠎ᠤᠨ ᠠᠷᠥ ᠬᠦᠷᠢᠶᠡᠨ᠎ᠤ ᠲᠠᠷᠢᠶᠠᠨ ᠭᠠᠵᠠᠷ᠎ᠠᠴᠠ᠎ᠪᠠᠨ ᠨᠢᠭᠡᠨ ᠰᠢᠷᠬᠠᠳᠤᠭᠰᠠᠨ ᠬᠤᠨ ᠭᠠᠯᠠᠭᠤ ᠵᠢᠨ ᠰᠡᠵᠢᠭ᠎ᠲᠠᠢ ᠰᠢᠪᠠᠭᠤᠨ᠎ᠤ ᠲᠦᠷᠦᠯ᠎ᠢ ᠢᠯᠡᠷᠡᠭᠦᠯᠪᠡ ᠭᠡᠵᠡᠢ᠃ ᠲᠤᠮᠢᠯᠠᠭᠰᠠᠨ ᠰᠠᠯᠪᠤᠷᠢ ᠵᠢᠨ ᠴᠠᠭᠳᠠᠭ᠎ᠠ ᠨᠠᠷ ᠲᠡᠷᠡ ᠲᠠᠷᠤᠢ᠎ᠳᠤ᠎ᠨᠢ ᠲᠤᠪᠴᠢᠶᠠᠨ᠎ᠤ ᠣᠷᠴᠢᠨ ᠲᠤᠭᠤᠷᠢᠨ ᠢᠳᠡᠭᠡᠨ ᠡᠮ᠎ᠤᠨ ᠵᠦᠢ᠍ᠯ᠎ᠤᠨ ᠶᠠᠯᠠᠳᠣ ᠬᠡᠷᠡᠭ᠎ᠢ ᠲᠤᠷᠰᠢᠨ ᠪᠠᠢ᠌ᠴᠠᠭ᠋ᠠᠬᠤ ᠶᠡᠬᠡ ᠠᠩᠭᠢ᠎ᠲᠠᠢ ᠬᠤᠯᠪᠤᠭ᠎ᠠ ᠠᠪᠴᠤ᠂ ᠬᠡᠷᠡᠭ ᠭᠠᠷᠤᠭᠰᠠᠨ ᠭᠠᠵᠠᠷ᠎ᠲᠤ᠎ᠨᠢ ᠬᠦᠷᠴᠦ ᠠᠪᠤᠷᠠᠨ ᠲᠤᠰᠠᠯᠠᠵᠠᠢ᠃

微信图片_20231204101014.jpg 

  

微信图片_20231204101022.jpg


     ᠣᠷᠴᠢᠨ ᠲᠤᠭᠤᠷᠢᠨ ᠢᠳᠡᠭᠡᠨ ᠡᠮ᠎ᠤᠨ ᠵᠦᠢ᠍ᠯ᠎ᠤᠨ ᠶᠠᠯᠠᠳᠣ ᠬᠡᠷᠡᠭ᠎ᠢ ᠲᠤᠷᠰᠢᠨ ᠪᠠᠢ᠌ᠴᠠᠭ᠋ᠠᠬᠤ ᠶᠡᠬᠡ ᠠᠩᠭᠢ ᠵᠢᠨ ᠠᠷᠠᠳ᠎ᠤᠨ ᠴᠠᠭᠳᠠᠭ᠎ᠠ ᠵᠢᠨ ᠠᠩᠬ᠎ᠠ ᠠᠯᠬᠤᠮ᠎ᠤᠨ ᠠᠵᠢᠭᠯᠠᠯᠳᠠ᠎ᠪᠠᠷ ᠲᠠᠮᠵᠢᠨ᠂ ᠤᠯᠤᠰ᠎ᠤᠨ ᠬᠤᠶᠠᠳᠤᠭ᠋ᠠᠷ ᠲᠡᠰ᠎ᠤᠨ ᠬᠠᠮᠠᠭ᠋ᠠᠯᠠᠯᠳᠠ᠎ᠳᠤ ᠪᠠᠢ᠌ᠭ᠎ᠠ ᠬᠤᠨ ᠭᠠᠯᠠᠭᠤ ᠵᠢᠨ ᠵᠤᠯᠵᠠᠭ᠎ᠠ ᠮᠦᠨ ᠪᠤᠯᠬᠤ ᠵᠢ ᠮᠡᠳᠡᠭᠰᠡᠨ ᠪᠦᠭᠡᠳ ᠬᠦᠯ᠎ᠤᠨ ᠶᠠᠰᠤ᠎ᠨᠢ ᠬᠤᠭᠤᠷᠠᠭ᠋ᠠᠳ ᠰᠢᠷᠬᠠᠨ᠎ᠤ ᠬᠡᠰᠡᠭ᠎ᠠᠴᠠ᠎ᠨᠢ ᠴᠢᠰᠤ ᠭᠠᠷᠴᠤ ᠪᠠᠢ᠌ᠬᠤ ᠲᠤᠯᠠ ᠵᠤᠭᠰᠤᠵᠤ ᠬᠦᠳᠡᠯᠭᠡᠭᠡᠨ ᠬᠢᠬᠦ ᠵᠢᠨ ᠠᠷᠭ᠎ᠠ ᠦᠭᠡᠢ ᠪᠣᠯᠪᠠ᠃ ᠡᠨᠡ ᠦᠶ᠎ᠡ᠎ᠳᠤ ᠶᠠᠭ ᠰᠠᠢ᠌ᠬᠠᠨ ᠠᠭᠤᠷ ᠠᠮᠢᠰᠬᠤᠯ ᠬᠦᠢ᠍ᠳᠡᠷᠡᠭᠡᠳ ᠰᠢᠷᠬᠠᠳᠤᠭᠰᠠᠨ ᠬᠤᠨ ᠭᠠᠯᠠᠭᠤ ᠵᠢᠨ ᠪᠠᠢ᠌ᠳᠠᠯ᠎ᠨᠢ ᠠᠨᠠᠢ ᠪᠠᠢ᠌ᠬᠤ ᠤᠴᠢᠷ᠎ᠠᠴᠠ ᠠᠷᠠᠳ᠎ᠤᠨ ᠴᠠᠭᠳᠠᠭ᠎ᠠ ᠨᠠᠷ ᠡᠮᠴᠢᠯᠡᠭᠡᠨ᠎ᠤ ᠬᠠᠮᠤᠭ᠎ᠤᠨ ᠰᠠᠢ᠌ᠨ ᠴᠠᠭ ᠲᠤᠬᠢᠶᠠᠯ᠎ᠢ ᠣᠯᠬᠤ ᠵᠢᠨ ᠲᠦᠯᠥᠭᠡ᠂ ᠬᠡᠭᠡᠷ᠎ᠡ ᠵᠢᠨ ᠠᠮᠢᠳᠠᠨ᠎ᠢ ᠠᠪᠤᠷᠠᠨ ᠲᠤᠰᠠᠯᠠᠬᠤ ᠦᠷᠳᠡᠭᠡ᠎ᠲᠠᠢ ᠬᠤᠯᠪᠤᠭ᠎ᠠ ᠠᠪᠤᠭᠰᠠᠨ᠎ᠤ ᠲᠠᠷᠠᠭ᠎ᠠ᠂ ᠰᠢᠷᠬᠠᠳᠤᠭᠰᠠᠨ ᠬᠤᠨ ᠭᠠᠯᠠᠭᠤ ᠵᠢ ᠭᠤᠴᠢᠨ ᠺᠢᠯᠤᠮᠸᠲᠷ᠎ᠤᠨ ᠴᠠᠭ᠋ᠠᠨᠠᠬᠢ ᠳ᠋ᠸᠩᠺᠸᠦ ᠰᠢᠶᠠᠨ᠎ᠤ ᠬᠡᠭᠡᠷ᠎ᠡ ᠵᠢᠨ ᠠᠮᠢᠳᠠᠨ᠎ᠢ ᠠᠪᠤᠷᠠᠨ ᠲᠤᠰᠠᠯᠠᠬᠤ ᠦᠷᠳᠡᠭᠡ᠎ᠳᠤ ᠲᠠᠷᠤᠢ ᠲᠦᠷᠭᠡᠨ ᠵᠶ᠋ᠡᠷ ᠬᠦᠷᠭᠡᠵᠦ ᠲᠥᠪᠬᠢᠨᠡᠭᠦᠯᠪᠡ᠃

 

ᠢᠷᠡᠯᠲᠡ᠄ ᠪᠠᠶᠠᠨᠨᠠᠭᠤᠷ ᠬᠣᠲᠠ ᠵᠢᠨ ᠲᠣᠳᠤᠭ᠋ᠠᠳᠤ ᠵᠢ ᠬᠠᠮᠠᠭ᠋ᠠᠯᠠᠬᠤ ᠲᠣᠪᠴᠢᠶ᠎ᠠ